ᠪᠠᠢ ᠴᠦᠨ ᠯᠸᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2025/6/23
      6 ᠰᠠᠷ᠎ᠠ ᠶᠢᠨ 21 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠱᠠᠯᠠᠪᠳᠠᠭᠤᠯᠤᠨ ᠵᠢᠯᠣᠭᠤᠳᠪᠠ᠃ ᠲᠣᠭᠤᠷᠢᠭ ᠤᠨ ᠤᠳᠤᠷᠢᠳᠤᠯᠭ᠎ᠠ ᠯᠢᠦ ᠲᠢᠶᠠᠨ ᠴᠢᠩ᠂ ᠶᠠᠩ ᠽᠧ ᠢᠦᠢ ᠣᠷᠣᠯᠴᠠᠪᠠ᠃      ᠪᠠᠢ ᠴᠦᠨ ᠯᠸᠢ ᠤᠷᠢᠳ ᠬᠤᠵᠢᠳ ᠮᠠᠯᠠᠳ ᠠᠭᠤᠷᠬᠠᠢ ᠶᠢᠨ ᠣᠷᠣᠨ᠂ ᠶᠠ ᠳ᠋ᠦᠩ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠪᠠᠶᠠᠨᠲᠤᠬᠤᠢ ᠪᠠᠯᠭᠠᠰᠤ ᠵᠡᠷᠭᠡ ᠭᠠᠵᠠᠷ ᠲᠤ ᠬᠦᠷᠴᠦ᠂ ᠠᠰᠠᠭᠤᠳᠠᠯ ᠤᠨ ᠪᠤᠢ ᠪᠣᠯᠤᠭᠰᠠᠨ ᠰᠢᠯᠲᠠᠭᠠᠨ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠬᠢᠨᠠᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠠᠬᠢᠭᠤᠯᠪᠠ᠃ ᠲᠡᠷᠡ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠪᠣᠯ ᠪᠢᠳᠡᠨ ᠤ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ ︽ᠤᠯᠤᠰ ᠤᠨ ᠶᠡᠭᠡ ᠶᠠᠪᠤᠳᠠᠯ︾ ᠮᠥᠨ᠃ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠶᠢᠨ ᠤᠯᠤᠰ ᠲᠦᠷᠦᠴᠢ ᠴᠢᠨᠠᠷ᠂ ᠲᠥᠪ ᠴᠢᠩᠭ᠎ᠠ ᠴᠢᠨᠠᠷ ᠢ ᠭᠦᠢᠴᠡᠳ ᠲᠠᠨᠢᠵᠤ᠂ ᠬᠠᠮᠤᠭ ᠤᠨ ᠡᠷᠡᠰ ᠰᠢᠭᠤᠷᠬᠠᠢ ᠣᠪᠣᠷ᠂ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠬᠦᠴᠦᠲᠡᠢ ᠠᠷᠭ᠎ᠠ ᠬᠡᠮᠵᠢᠶ᠎ᠡ ᠪᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠢ᠃ ᠤᠯᠠᠨ ᠲᠦᠮᠡᠨ ᠤ ᠲᠤᠰᠬᠠᠭᠰᠠᠨ ᠣᠷᠴᠢᠨ ᠲᠣᠭᠤᠷᠢᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠨᠠᠷᠢᠨ ᠬᠢᠨᠠᠮᠠᠭᠠᠢ ᠬᠢᠨᠠᠨ ᠪᠠᠶᠢᠴᠠᠭᠠᠵᠤ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠵᠦ᠂ ᠬᠠᠷᠢᠭᠤᠴᠠᠯᠭ᠎ᠠ ᠡᠭᠦᠷᠭᠡᠯᠡᠵᠦ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠠᠷᠠᠳ ᠤᠨ ᠢᠲᠡᠭᠡᠯ ᠢ ᠤᠯᠬᠤ ᠬᠡᠷᠡᠭᠲᠡᠢ᠃ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠪᠠᠷ ᠠᠵᠠ ᠲᠣᠬᠢᠶᠠᠯ ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤᠮᠳᠠᠬᠢ ᠲᠤᠪᠤᠶᠢᠮ᠎ᠠ ᠠᠰᠠᠭᠤᠳᠠᠯ ᠪᠣᠯᠤᠨ ᠪᠠᠭᠤᠷᠠᠢ ᠭᠤᠭᠴᠤᠭ᠎ᠠ ᠶᠢ ᠭᠦᠨᠵᠡᠭᠡᠢ ᠵᠢᠭᠰᠠᠭᠠᠨ ᠪᠠᠶᠢᠴᠠᠭᠠᠵᠤ ᠡᠮᠬᠢᠯᠡᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ︽ᠨᠢᠭᠡ ᠶᠠᠪᠤᠳᠠᠯ︾ ᠢ ᠰᠢᠢᠳᠪᠦᠷᠢᠯᠡᠬᠦ ᠠᠴᠠ ︽ᠨᠢᠭᠡ ᠲᠦᠷᠦᠯ ᠤᠨ ᠶᠠᠪᠤᠳᠠᠯ︾ ᠢ ᠰᠠᠶᠢᠲᠤᠷ ᠬᠢᠬᠦ ᠲᠡᠰᠢ ᠤᠷᠲᠤᠳᠬᠠᠬᠤ ᠶᠢ ᠠᠬᠢᠭᠤᠯᠵᠤ᠂ ᠪᠦᠬᠦ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号