ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/6/23
      6 ᠰᠠᠷ᠎ᠠ ᠶᠢᠨ 20 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠬᠤᠷᠠᠯᠳᠤᠵᠤ᠂  ᠰᠢ ᠶᠢᠨ ᠫᠢᠩ ᠶᠡᠷᠦᠩᠬᠡᠶ ᠱᠦᠵᠢ ᠶᠢᠨ ︽ᠦᠨᠡᠨ︾ ᠰᠡᠳᠬᠦᠯ ᠳᠤ ᠨᠡᠶᠢᠲᠡᠯᠡᠭᠰᠡᠨ ︽ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠥᠯᠥᠪᠵᠢᠭᠦᠯᠦᠨ ᠵᠢᠯᠣᠭᠤᠳᠬᠤ ᠪᠣᠯ ᠮᠠᠨ ᠤ ᠨᠠᠮ ᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠨᠢᠭᠡ ᠵᠦᠢᠯ ᠤᠨ ᠴᠢᠬᠤᠯᠠ ᠠᠷᠭ᠎ᠠ ᠮᠠᠶ᠋ᠢᠭ︾ ᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠬᠤᠷᠠᠯ ᠢ ᠡᠷᠬᠢᠯᠡᠪᠡ᠃      ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠶ᠋ᠴᠡᠳ ᠲᠠᠨᠢᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠥᠬᠦ ᠲᠠᠯ᠎ᠠ ᠪᠠᠷ ᠡᠮᠬᠢᠯᠡᠵᠦ᠂ ᠰᠢᠨ᠎ᠡ ᠶᠠᠰᠤ ᠴᠢᠨᠠᠷ ᠤᠨ ᠦᠶ᠋ᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠥᠷᠭᠡᠳᠬᠡᠬᠦ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠵᠡᠷᠭᠡ ᠴᠢᠬᠤᠯᠠ ᠶᠡᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠣᠯᠠᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠣᠯᠠᠨ ᠲᠠᠯ᠎ᠠ ᠪᠠᠷ ᠰᠣᠨᠣᠰᠴᠤ᠂ ᠮᠠᠨ ᠤ ᠲᠤᠭᠤᠷᠢᠭ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠬᠠᠮᠲᠤ ᠪᠠᠷ ᠰᠠᠶᠢᠲᠤᠷ ᠵᠢᠷᠤᠭᠯᠠᠬᠤ ᠬᠡᠷᠡᠭᠲᠡᠶ᠃      ᠬᠤᠷᠠᠯ ᠠᠴᠠ ᠪᠠᠰᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠤᠯᠠᠮᠵᠢᠯᠠᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠤᠯᠤᠰ ᠲᠥᠷᠥ ᠶᠢᠨ ᠬᠤᠤᠷ ᠬᠥᠨᠥᠭᠡᠯ ᠢ ᠭᠦᠨᠵᠡᠭᠡᠶ ᠲᠠᠨᠢᠵᠤ᠂ ᠵᠠᠯᠠᠷᠠᠭᠤᠯᠬᠤ ᠵᠠᠰᠠᠬᠤ ᠶᠢ ᠵᠡᠷᠭᠡ ᠪᠠᠷ ᠠᠳᠬᠤᠬᠤ᠂ ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠶᠡᠭᠡ ᠬᠦᠴᠦ ᠣᠷᠣᠭᠤᠯᠵᠤ ᠪᠠᠶᠢᠭᠠᠳ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠲᠦᠷᠢᠮ ᠲᠣᠭᠲᠠᠭᠠᠯ ᠰᠠᠬᠢᠯᠭ᠎ᠠ ᠪᠠᠲᠤ ᠶᠣᠰᠣᠭᠠᠷ ᠴᠢᠩᠭ᠎ᠠ ᠪᠥᠭᠡᠳ ᠲᠦᠷᠭᠡᠨ ᠪᠠᠶᠢᠴᠠᠭᠠᠨ ᠰᠢᠢᠳᠪᠦᠷᠢᠯᠡᠵᠦ᠂ ᠨᠠᠮ ᠤᠨ ᠭᠡᠰᠢᠭᠦᠨ ᠺᠠᠳ᠋ᠷᠴᠤᠳ ᠲᠤ ᠬᠥᠮᠦᠵᠢᠯ ᠬᠦᠷᠲᠡᠭᠡᠵᠦ᠂ ᠪᠢᠰᠢᠷᠡᠨ ᠵᠢᠷᠦᠬᠡᠰᠢᠶᠡᠬᠦ᠂ ᠬᠤᠷᠢᠭ᠎ᠠ ᠱᠤᠭᠤᠮ ᠢ ᠰᠠᠬᠢᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号