ᠲᠣᠭᠤᠷᠢᠭ ᠤᠨ ᠵᠠᠰᠠᠭ ᠤᠨ ᠣᠷᠳᠣᠨ 2025 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/23
      6 ᠰᠠᠷ᠎ᠠ ᠶᠢᠨ 20 ᠤ ᠡᠳᠦᠷ᠂ ᠲᠤᠭᠤᠷᠢᠭ ᠤᠨ ᠵᠠᠰᠠᠭ ᠤᠨ ᠣᠷᠳᠣᠨ 2025 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ  ᠨᠠᠮ  ᠤᠨ  ᠬᠤᠷᠢᠶᠠᠨ  ᠤ ᠳᠡᠳ᠋ ᠱᠦᠵᠢ᠂  ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ  ᠬᠤᠷᠠᠯ ᠡᠷᠭᠢᠯᠡᠪᠡ᠃      ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠾᠧᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠶᠢ ᠭᠤᠶᠢᠪᠢᠰᠢ ᠦᠭᠡᠢ ᠠᠳᠬᠤᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠵᠢᠷᠭᠤᠭᠠᠨ ᠠᠵᠢᠯᠯᠠᠭ᠎ᠠ︾ ᠶᠢ ᠠᠬᠢᠭᠤᠯᠬᠤ ᠪᠠᠷ ᠬᠥᠲᠥᠯᠦᠮᠵᠢ ᠪᠣᠯᠭᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠠᠵᠤ ᠠᠬᠤᠢ ᠶᠢ ᠲᠣᠭᠲᠠᠪᠤᠷᠢᠵᠢᠭᠤᠯᠵᠤ᠂ ᠬᠥᠭᠵᠢᠯᠲᠡ ᠶᠢ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠨᠠᠨ ᠲᠣᠭᠤᠷᠢᠭ ᠤᠨ ᠦᠢᠯᠡᠳᠦᠯᠭᠡ ᠶᠢ ᠬᠦᠴᠦᠯᠡᠨ ᠠᠬᠢᠭᠤᠯᠬᠤ ᠬᠡᠷᠡᠭᠲᠡᠢ︔ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠤᠷᠤᠯᠴᠠᠵᠤ ᠪᠠᠶᠢᠴᠠᠭᠠᠨ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠰᠤᠷᠤᠯᠴᠠᠯᠭ᠎ᠠ ᠬᠥᠮᠦᠵᠢᠯ ᠢ ᠤᠯᠠᠮ ᠨᠢᠭᠡ ᠠᠯᠬᠤᠮ ᠴᠢᠩᠳᠠᠯᠠᠬᠤ᠂ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠤᠮᠠᠷᠠᠲᠤ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠬᠤᠳᠠ ᠬᠥᠳᠡᠭᠡ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃      ᠬᠤᠷᠠᠯ ᠠᠴᠠ ᠪᠥᠬᠦ ᠲᠣᠭᠤᠷᠢᠭ ᠤᠨ 2025 ᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠭᠤᠤᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠴᠡᠭ ᠢ ᠠᠩᠬᠠᠷᠴᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ ᠪᠠᠶᠢᠴᠠᠭᠠᠯᠲᠠ ᠪᠠ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ᠠᠷᠭᠠᠴᠠᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号