6 ᠰᠠᠷ᠎ᠠ ᠶᠢᠨ 20 ᠤ ᠡᠳᠦᠷ᠂ ᠬᠠᠶᠢᠨᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ | ᠭᠤᠤᠯ ᠳᠤᠭᠤᠶᠢᠯᠠᠩ ︽ᠲᠤᠬᠠᠶ ᠶᠢᠨ ᠭᠠᠵᠠᠷ ᠲᠤᠨᠢ ᠰᠤᠳᠤᠯᠤᠨ ᠰᠤᠷᠤᠯᠴᠠᠵᠤ ᠲᠥᠪᠯᠡᠷᠡᠭᠦᠯᠦᠨ ᠰᠤᠷᠤᠯᠴᠠᠵᠤ | ᠰᠤᠳᠤᠯᠤᠨ ᠶᠠᠷᠢᠯᠴᠠᠵᠤ ᠰᠣᠯᠢᠯᠴᠠᠬᠤ︾ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ 2025 ᠣᠨ ᠤ 9 ᠳ᠋ᠦ᠋ᠭᠡᠷ | ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ᠃ ᠲᠣᠭᠤᠷᠢᠭ ᠤᠨ ᠨᠠᠮ ᠤᠨ | ᠬᠤᠷᠢᠶᠠᠨ ᠤ ᠱᠦᠵᠢ ᠯᠢᠦ ᠪᠦᠦ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠤᠨ ᠬᠠᠮᠢᠶ᠎ᠠ ᠪᠦᠬᠦᠢ ᠨᠥᠬᠦᠳ ᠰᠤᠯᠠ ᠰᠣᠨᠣᠰᠤᠭᠰᠠᠨ ᠪᠥᠭᠡᠳ ᠦᠨᠡᠯᠡᠯᠲᠡ | ᠬᠢᠪᠡ᠃ | ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ | ᠤᠳᠤ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠤᠷᠠᠯᠢᠭ ᠤᠨ ᠣᠷᠳᠣᠨ ᠳᠤ ᠬᠦᠷᠴᠦ ︽ᠨᠠᠮ ᠤᠨ | ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪᠲᠦ ᠦᠵᠡᠭᠦᠯᠭᠡ | ᠪᠣᠯᠤᠨ ᠦᠬᠠᠢ ᠬᠤᠳᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠰᠡᠷᠡᠮᠵᠢᠯᠡᠭᠦᠯᠬᠦ ᠬᠥᠮᠦᠵᠢᠯ ᠤᠨ | ᠰᠠᠭᠤᠷᠢᠨ ᠢ ᠲᠣᠭᠤᠷᠢᠨ ᠦᠵᠡᠵᠦ᠂ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠡᠷᠭᠢᠴᠡᠭᠦᠯᠪᠡ᠃ | ᠯᠢᠦ ᠪᠦᠦ ᠴᠧᠩ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠪᠠᠷ ᠳᠠᠮᠵᠢᠨ᠂ ᠬᠤᠳᠠ ᠶᠢᠨ ᠨᠠᠮ ᠤᠨ | ᠬᠤᠷᠢᠶ᠎ᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠬᠤ | ᠦᠢᠯᠡᠳᠦᠯᠭᠡ ᠶᠢᠨ ᠰᠦᠪᠡᠭᠴᠢᠯᠡᠯᠲᠡ ᠳᠤ ᠨᠡᠩ ᠰᠢᠭᠤᠳ᠂ ᠨᠡᠩ ᠭᠦᠨᠵᠡᠭᠡᠢ ᠣᠶᠢᠯᠠᠭᠠᠯᠲᠠ ᠲᠠᠢ ᠪᠤᠯᠵᠤ᠂ | ᠠᠮᠢᠳᠤᠯᠢᠭ ᠤᠯᠤᠰ ᠲᠦᠷᠦ ᠶᠢᠨ ᠬᠢᠴᠢᠶᠡᠯ᠂ ᠦᠵᠡᠯ ᠰᠠᠨᠠᠭᠠᠨ ᠤ ᠬᠢᠴᠢᠶᠡᠯ᠂ ᠰᠤᠷᠲᠠᠯ ᠤᠨ ᠬᠢᠴᠢᠶᠡᠯ ᠣᠷᠣᠪᠠ᠃ | ︽ᠵᠣᠴᠢᠨ ᠦᠵᠡᠬᠦ ᠰᠡᠳᠬᠢᠴᠡ︾ ᠶᠢ ᠡᠷᠡᠰ ᠲᠡᠪᠴᠢᠵᠦ᠂ ︽ᠨᠢᠳᠦᠨ ᠳᠤ ᠪᠠᠨ ᠦᠵᠡᠭᠰᠡᠨ ᠰᠤᠷᠭᠠᠮᠵᠢ︾ ᠶᠢ | ᠦᠨᠡᠨᠬᠦ ︽ᠰᠡᠳᠬᠢᠯ ᠤᠨ ᠭᠦᠨ ᠳᠤ ᠪᠠᠨ ᠬᠠᠳᠠᠩᠰᠢᠭᠤᠯᠤᠭᠰᠠᠨ︾ ᠪᠣᠯᠭᠠᠨ ᠬᠤᠪᠢᠷᠠᠭᠤᠯᠬᠤ ᠬᠡᠷᠡᠭᠲᠡᠢ᠃ | ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠲᠥᠪ ᠤᠨ ᠨᠠᠢᠮᠠᠨ ᠲᠣᠭᠲᠠᠭᠠᠯ ᠵᠢᠴᠢ | ᠬᠡᠷᠡᠭᠵᠢᠭᠦᠯᠬᠦ ᠨᠠᠷᠢᠨ ᠲᠦᠷᠢᠮ ᠵᠡᠷᠭᠡ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠤᠨ ᠳᠣᠲᠣᠷᠠᠬᠢ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠠᠭᠠᠵᠠᠯᠠᠬᠤ ᠲᠤᠬᠠᠶ ᠬᠠᠮᠢᠶ᠎ᠠ ᠪᠥᠬᠦᠶ ᠲᠣᠭᠲᠠᠭᠠᠯ ᠢ | ᠤᠯᠠᠮᠵᠢᠯᠠᠨ ᠰᠤᠷᠤᠯᠴᠠᠵᠤ᠂ ᠬᠡᠰᠡᠭ ᠭᠤᠤᠯ ᠳᠤᠭᠤᠶᠢᠯᠠᠩ ᠤᠨ ᠪᠦᠷᠢᠯᠳᠦᠬᠦᠨ ᠨᠡᠷ ᠲᠣᠭᠲᠠᠭᠠᠯ ᠠᠴᠠ ᠵᠥᠷᠢᠴᠡᠨ | ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢᠨ ᠲᠣᠭᠤᠷᠢᠨ ᠳᠤ ᠰᠤᠷᠤᠯᠴᠠᠵᠤ ᠰᠤᠳᠤᠯᠤᠨ | ᠶᠠᠷᠢᠯᠴᠠᠪᠠ᠃ ᠯᠢᠦ ᠪᠦᠦ ᠴᠧᠩ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠤᠯᠤᠰ ᠲᠥᠷᠥ ᠶᠢᠨ ᠬᠤᠤᠷ | ᠬᠥᠨᠥᠭᠡᠯ ᠢ ᠭᠦᠨᠵᠡᠭᠡᠶ ᠲᠠᠨᠢᠬᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠦᠵᠡᠯ ᠰᠠᠨᠠᠭᠠᠨ ᠤ ᠦᠨᠳᠦᠰᠦ | ᠰᠤᠷᠪᠤᠯᠵᠢ ᠶᠢ ᠭᠦᠨ ᠠᠭᠤᠳᠠᠯᠬᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠴᠡᠭᠴᠡᠯᠡᠨ | ᠵᠠᠰᠠᠬᠤ 3 ᠲᠠᠯ᠎ᠠ ᠠᠴᠠ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢᠨ ᠬᠤᠤᠷ ᠬᠥᠨᠥᠭᠡᠯ᠂ ᠡᠭᠦᠰᠦᠭᠰᠡᠨ | ᠰᠢᠯᠲᠠᠭᠠᠨ ᠳᠤ ᠵᠠᠳᠠᠯᠤᠯᠲᠠ ᠬᠢᠭᠰᠡᠨ ᠪᠥᠭᠡᠳ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ | ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠲᠡᠷᠡ᠂ | ᠰᠤᠷᠤᠯᠴᠠᠬᠤ ᠪᠠ ᠣᠶᠢᠯᠠᠭᠠᠬᠤ᠂ ᠪᠠᠶᠢᠴᠠᠭᠠᠬᠤ ᠪᠠ ᠰᠠᠶᠢᠵᠢᠷᠠᠭᠤᠯᠬᠤ᠂ ᠴᠢᠩᠭ᠎ᠠ ᠪᠠᠶᠢᠬᠤ ᠪᠠ ᠪᠣᠳᠠᠲᠠᠢ ᠪᠠᠶᠢᠬᠤ | ᠲᠠᠯ᠎ᠠ ᠪᠠᠷ ᠦᠷᠭᠦᠯᠵᠢᠯᠡᠨ ᠬᠦᠴᠦᠯᠡᠵᠦ᠂ ᠦᠵᠡᠯ ᠰᠠᠨᠠᠭ᠎ᠠ ᠲᠠᠨᠢᠯᠲᠠ᠂ ᠠᠰᠠᠭᠤᠳᠠᠯ ᠢ ᠪᠠᠶᠢᠴᠠᠭᠠᠨ ᠳᠡᠯᠭᠡᠵᠦ | ᠴᠡᠭᠴᠡᠯᠡᠨ ᠰᠠᠶᠢᠵᠢᠷᠠᠭᠤᠯᠬᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠰᠢᠢᠳᠪᠦᠷᠢᠯᠡᠵᠦ᠂ | ᠴᠡᠭᠴᠡᠯᠡᠨ ᠵᠠᠰᠠᠬᠤ ᠡᠭᠦᠷᠭᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠡᠢ᠃ |