ᠪᠠᠢ ᠴᠦᠨ ᠯᠸᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠬᠦᠭᠡᠷᠦᠮᠵᠢ ᠶᠢᠨ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/6/3
      5 ᠰᠠᠷ᠎ᠠ ᠶᠢᠨ 29 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠬᠦᠭᠡᠷᠦᠮᠵᠢ ᠶᠢᠨ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠶᠠᠩ ᠽᠧ ᠢᠦᠢ ᠣᠷᠣᠯᠴᠠᠪᠠ᠃      ᠪᠠᠶᠠᠨᠲᠤᠬᠤᠢ ᠪᠠᠯᠭᠠᠰᠤᠨ ᠳᠤ᠂ ᠪᠠᠢ ᠴᠦᠨ ᠯᠸᠢ ᠮᠢᠩ ᠤᠯᠤᠰ ᠤᠨ ᠤᠷᠳᠤ ᠴᠠᠭᠠᠨ ᠬᠡᠷᠡᠮ ᠤᠨ ᠬᠠᠮᠠᠭᠠᠯᠠᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠴᠢᠳᠠᠪᠤᠷᠢ ᠪᠣᠯᠤᠨ ᠲᠦᠪᠰᠢᠨ ᠢᠶᠠᠨ ᠳᠡᠭᠡᠭᠰᠢᠯᠡᠭᠦᠯᠵᠦ᠂ ᠬᠠᠮᠠᠭᠠᠯᠠᠬᠤ ᠣᠷᠣᠨ ᠪᠦᠰᠡ ᠶᠢ ᠬᠠᠤᠯᠢ ᠲᠣᠭᠲᠠᠭᠠᠯ ᠶᠣᠰᠣᠭᠠᠷ ᠵᠠᠭᠠᠭᠯᠠᠨ ᠲᠣᠭᠲᠠᠭᠠᠵᠤ᠂ ᠬᠠᠭᠤᠴᠢᠨ ᠪᠠᠭᠤᠷᠢ ᠶᠢ ᠬᠠᠮᠠᠭᠠᠯᠠᠬᠤ᠂ ᠡᠳᠦᠷ ᠲᠤᠳᠤᠮ ᠤᠨ ᠠᠷᠠᠴᠢᠯᠠᠯᠲᠠ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠦᠷ᠎ᠡ ᠪᠦᠲᠦᠭᠡᠯ ᠢ ᠠᠷᠠᠳ ᠤᠯᠠᠨ ᠳᠤ ᠨᠡᠩ ᠢᠯᠡᠭᠦᠦ ᠬᠦᠷᠲᠡᠭᠡᠬᠦ ᠬᠡᠷᠡᠭᠲᠡᠢ ᠭᠡᠵᠦ ᠬᠡᠯᠡᠪᠡ᠃      ᠪᠠᠶᠠᠨᠲᠤᠬᠤᠢ ᠪᠠᠯᠭᠠᠰᠤᠨ ᠤ ᠳ᠋ᠦᠩ ᠰᠢᠩ ᠲᠣᠰᠬᠤᠨ ᠤ ᠨᠢᠭᠡᠳᠦᠭᠡᠷ ᠬᠥᠭᠡᠷᠭᠡ ᠶᠢᠨ ᠭᠡᠷ᠂ ᠭᠠᠨᠭᠴᠠᠮᠣᠳᠣ ᠲᠣᠰᠬᠤᠨ ᠳᠤ᠂ ᠪᠠᠢ ᠴᠦᠨ ᠯᠸᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠬᠦᠭᠡᠷᠦᠮᠵᠢ ᠶᠢᠨ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠣᠯ ︽ᠭᠠᠵᠠᠷ ᠰᠢᠷᠣᠶ ᠪᠠᠨ ᠪᠠᠲᠤᠯᠠᠵᠤ ᠠᠮᠤ ᠪᠤᠳᠠᠭᠠᠨ ᠤ ᠮᠡᠷᠭᠡᠵᠢᠯ ᠢ ᠪᠠᠲᠤᠯᠠᠬᠤ︾ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠢᠳᠡᠪᠬᠢᠲᠡᠢ ᠰᠦᠪᠡᠭᠴᠢᠯᠡᠨ ᠪᠠᠶᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠳᠤ ᠪᠦᠬᠦ ᠬᠡᠯᠬᠢᠶ᠎ᠡ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠡᠳᠦᠷ ᠲᠤᠳᠤᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠪᠠᠬᠢᠵᠢᠭᠦᠯᠵᠦ᠂ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号