5 ᠰᠠᠷ᠎ᠠ ᠶᠢᠨ 30 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃ ᠲᠣᠭᠤᠷᠢᠭ ᠤᠨ ᠤᠳᠤᠷᠢᠳᠤᠯᠭ᠎ᠠ ᠸᠠᠩ | ᠶᠦᠩ ᠱᠧᠩ ᠣᠷᠣᠯᠴᠠᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠶ ᠴᠦᠨ ᠯᠸᠢ ᠨᠠᠷ ᠤᠷᠢᠳ ᠬᠤᠵᠢᠳ ᠬᠦᠬᠤᠰᠣ ᠪᠠᠯᠭᠠᠰᠤ᠂ | ᠷᠠᠰᠠᠩ ᠰᠦᠮ᠎ᠡ ᠪᠠᠯᠭᠠᠰᠤ ᠵᠡᠷᠭᠡ ᠭᠠᠵᠠᠷ ᠲᠤ ᠬᠦᠷᠴᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ | ᠪᠥᠲᠥᠭᠡᠨ ᠪᠠᠶᠢᠭᠤᠯᠤᠯᠲᠠ᠂ ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ᠂ ᠭᠤᠤᠯ ᠤᠨ | ᠵᠠᠮ ᠤᠨ ᠵᠠᠰᠠᠯᠲᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠨᠢ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ | ᠪᠣᠯᠤᠨ ᠵᠣᠯ ᠵᠢᠷᠭᠠᠯᠲᠤ ᠲᠦᠷᠦᠭᠳᠡᠯ ᠲᠠᠢ ᠨᠢᠭᠲᠠ ᠬᠤᠯᠪᠣᠭ᠎ᠠ ᠲᠠᠢ ᠶᠤᠮ᠂ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠶᠢ ᠴᠢᠩᠭᠠᠳᠬᠠᠵᠤ᠂ ᠲᠣᠰᠬᠤᠨ ᠤ ᠠᠷᠠᠳ ᠤᠨ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ | ᠳᠡᠭᠡᠭᠰᠢᠯᠡᠭᠦᠯᠵᠦ᠂ ᠡᠭᠦᠨ ᠤ ᠤᠯᠠᠮ ᠢᠶᠠᠷ ᠭᠡᠷ ᠤᠨ ᠡᠮᠦᠨ᠎ᠡ ᠬᠤᠶᠢᠨᠠᠬᠢ ᠣᠷᠴᠢᠨ ᠲᠣᠭᠤᠷᠢᠨ ᠤ ᠶᠠᠰᠤ ᠴᠢᠨᠠᠷ ᠢ | ᠰᠠᠶᠢᠵᠢᠷᠠᠭᠤᠯᠬᠤ ᠶᠢᠨ ᠬᠠᠮᠲᠤ ᠰᠠᠶᠢᠬᠠᠬᠤᠰᠣ ᠲᠣᠰᠬᠤᠨ ᠤ ᠵᠤᠭᠠᠴᠠᠯ ᠤᠨ ᠡᠬᠢ ᠪᠠᠶᠠᠯᠢᠭ ᠤᠨ ᠳᠠᠪᠠᠭᠤᠯᠢᠭ ᠢ | ᠭᠦᠢᠴᠡᠳ ᠠᠰᠢᠭᠯᠠᠵᠤ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠪᠠᠷ ᠬᠥᠳᠡᠭᠡ ᠲᠣᠰᠬᠤᠨ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃ ᠠᠭᠤᠷᠬᠠᠢ ᠶᠢᠨ ᠠᠮᠢ ᠠᠬᠤᠢ ᠶᠢᠨ | ᠣᠷᠴᠢᠨ ᠲᠣᠭᠤᠷᠢᠨ ᠢ ᠵᠠᠰᠠᠬᠤ ᠠᠵᠢᠯ ᠤᠨ ᠪᠡᠷᠬᠡ ᠬᠠᠲᠠᠭᠤᠵᠢᠯᠲᠤ ᠴᠢᠨᠠᠷ ᠪᠠ ᠴᠢᠬᠤᠯᠠ ᠴᠢᠨᠠᠷ ᠢ ᠭᠦᠢᠴᠡᠳ | ᠲᠠᠨᠢᠵᠤ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ | ᠲᠦᠷᠭᠡᠨ ᠠᠶᠢᠵᠠᠮ᠂ ᠥᠨᠳᠥᠷ ᠦᠷ᠎ᠡ ᠪᠦᠲᠦᠮᠵᠢ ᠲᠠᠢ᠂ ᠴᠢᠩᠭ᠎ᠠ ᠱᠠᠭᠠᠷᠳᠠᠯᠭ᠎ᠠ ᠪᠠᠷ ᠵᠠᠰᠠᠯᠲᠠ ᠶᠢᠨ ᠠᠵᠢᠯ ᠢ | ᠠᠬᠢᠭᠤᠯᠵᠤ᠂ ᠠᠭᠤᠷᠬᠠᠢ ᠶᠢᠨ ᠵᠠᠰᠠᠯᠲᠠ ᠶᠢᠨ ᠡᠭᠦᠷᠭᠡ ᠶᠢ ᠴᠠᠭ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ | ᠪᠠᠲᠤᠯᠠᠬᠤ ᠬᠡᠷᠡᠭᠲᠡᠢ᠃ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠡᠯ᠎ᠡ ᠱᠠᠲᠤᠨ ᠤ ᠭᠤᠣᠯ ᠮᠥᠷᠡᠨ ᠤ ᠳᠠᠷᠤᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ | ᠡᠳᠦᠷ ᠲᠤᠳᠤᠮ ᠤᠨ ᠲᠣᠭᠤᠷᠢᠨ ᠪᠠᠶᠢᠴᠠᠭᠠᠬᠤ᠂ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠭᠤᠣᠯ ᠮᠥᠷᠡᠨ ᠤ | ︽ᠳᠥᠷᠪᠡᠨ ᠰᠠᠮᠠᠭᠤᠨ ᠢ ᠠᠷᠢᠯᠭᠠᠬᠤ︾ ᠠᠵᠢᠯ ᠢ ᠭᠦᠨᠵᠡᠭᠡᠢ ᠠᠬᠢᠭᠤᠯᠵᠤ᠂ ᠭᠤᠣᠯ ᠮᠥᠷᠡᠨ ᠤ ᠵᠠᠰᠠᠯᠲᠠ ᠶᠢᠨ ᠦᠷ᠎ᠡ | ᠪᠦᠲᠦᠮᠵᠢ ᠶᠢ ᠲᠠᠰᠤᠷᠠᠯᠲᠠ ᠦᠭᠡᠢ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ᠃ ᠤᠯᠤᠰ ᠲᠦᠷᠦ ᠶᠢᠨ | ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠳᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠲᠤᠯᠭᠠᠮ᠎ᠠ ᠰᠡᠳᠬᠢᠯᠭᠡ᠂ | ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠵᠦᠢᠯ | ᠳᠠᠷᠠᠭᠠᠯᠠᠨ ᠨᠠᠷᠢᠯᠢᠬᠵᠢᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠪᠣᠳᠠᠲᠠᠢ | ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠨ | ᠠᠬᠢᠭᠤᠯᠵᠤ᠂ ᠥᠨᠳᠥᠷ ᠲᠦᠪᠰᠢᠨ ᠪᠦᠬᠦᠢ ᠠᠮᠢ ᠠᠬᠤᠢ ᠶᠢᠨ ᠬᠠᠮᠠᠭᠠᠯᠠᠯᠲᠠ ᠪᠠᠷ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ |