ᠪᠠᠶ ᠴᠦᠨ ᠯᠸᠢ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠬᠤ ᠶᠢᠨ ᠬᠠᠮᠲᠤ ᠭᠤᠤᠯ ᠴᠠᠭᠳᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/6/3
      6 ᠰᠠᠷ᠎ᠠ ᠶᠢᠨ 2 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ᠂ ᠭᠤᠤᠯ ᠤᠨ ᠵᠠᠮ ᠢ ᠵᠠᠰᠠᠬᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠬᠤ ᠶᠢᠨ ᠬᠠᠮᠲᠤ ᠭᠤᠤᠯ ᠴᠠᠭᠳᠠᠬᠤ ᠠᠵᠢᠯ ᠥᠷᠨᠢᠭᠦᠯᠪᠡ᠃ ᠲᠣᠭᠤᠷᠢᠭ ᠤᠨ ᠤᠳᠤᠷᠢᠳᠤᠯᠭ᠎ᠠ ᠶᠠᠩ ᠽᠧ ᠢᠦᠢ ᠣᠷᠣᠯᠴᠠᠪᠠ᠃ ᠦᠵᠦᠬᠦᠷ ᠭᠤᠤ ᠶᠢᠨ ᠭᠦᠨ ᠤᠰᠤ ᠰᠦᠮ᠎ᠡ ᠶᠢᠨ ᠬᠡᠰᠡᠭ ᠪᠣᠯᠤᠨ ᠷᠠᠰᠠᠩ ᠰᠦᠮ᠎ᠡ ᠶᠢᠨ ᠳᠣᠣᠷᠠᠳᠤ ᠬᠡᠰᠡᠭ ᠵᠡᠷᠭᠡ ᠭᠠᠵᠠᠷ ᠲᠤ      ᠪᠠᠶ ᠴᠦᠨ ᠯᠸᠢ ᠭᠤᠤᠯ ᠤᠨ ᠵᠠᠮ ᠢ ᠵᠠᠰᠠᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠪᠣᠳᠠᠲᠠᠶ ᠠᠵᠢᠯ ᠤᠨ ᠱᠠᠭᠠᠷᠳᠠᠯᠭ᠎ᠠ ᠳᠤᠷᠠᠳᠴᠠᠶ᠃ ᠲᠡᠷᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠭᠤᠣᠯ ᠤᠨ ᠵᠠᠮ ᠢ ᠵᠠᠰᠠᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠭᠤᠣᠯ ᠤᠨ ᠵᠠᠮ ᠢ ᠲᠣᠭᠤᠷᠢᠨ ᠪᠠᠶᠢᠴᠠᠭᠠᠵᠤ ᠬᠠᠮᠢᠶᠠᠷᠤᠨ ᠬᠠᠮᠠᠭᠠᠯᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠨᠠᠶᠢᠳᠠᠪᠤᠷᠢᠵᠢᠭᠤᠯᠵᠤ᠂ ᠭᠤᠣᠯ ᠤᠨ ᠵᠠᠮ ᠢ ᠬᠠᠮᠢᠶᠠᠷᠤᠨ ᠬᠠᠮᠠᠭᠠᠯᠠᠬᠤ ᠲᠦᠪᠰᠢᠨ ᠪᠣᠯᠤᠨ ᠣᠷᠴᠢᠨ ᠲᠣᠭᠤᠷᠢᠨ ᠤ ᠵᠠᠰᠠᠯᠲᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠬᠡᠯᠡᠪᠡ᠃ ᠡᠯ᠎ᠡ ᠱᠠᠲᠤᠨ ᠤ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠮᠥᠷᠡᠨ ᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠨᠢᠭᠡᠳᠦᠭᠡᠷ ᠹᠷᠣᠨᠲ ᠲᠤ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠵᠦ᠂ ᠣᠷᠣᠨ ᠪᠦᠰᠡ ᠶᠢᠨ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠳᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠲᠥᠰᠦᠯ ᠢ ᠨᠠᠷᠢᠯᠢᠬᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠥᠨᠳᠥᠷ ᠪᠠᠷᠢᠮᠵᠢᠶ᠎ᠠ ᠪᠠᠷ᠂ ᠥᠨᠳᠥᠷ ᠦᠷ᠎ᠡ ᠪᠦᠲᠦᠮᠵᠢ ᠲᠠᠢ᠂ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号