ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/6/3
      5 ᠰᠠᠷ᠎ᠠ ᠶᠢᠨ 30 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠴᠢᠬᠤᠯᠠ ᠵᠣᠬᠢᠶᠠᠯ ᠪᠠ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠬᠤᠷᠠᠯ ᠢ ᠡᠷᠬᠢᠯᠡᠪᠡ᠃      ᠬᠤᠷᠠᠯ ᠠᠴᠠ᠂ ᠪᠦᠬᠦ ᠲᠤᠭᠤᠷᠢᠭ ᠲᠠᠶᠠᠭᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠢᠲᠡᠭᠡᠯ ᠵᠣᠷᠢᠭ ᠢᠶᠠᠨ ᠪᠠᠲᠤᠳᠬᠠᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠠᠵᠤ ᠦᠢᠯᠡᠰ ᠤᠨ ᠬᠥᠭᠵᠢᠯᠲᠡ ᠶᠢ ᠡᠷᠡᠰ ᠭᠤᠶᠢᠪᠢᠰᠢ ᠦᠭᠡᠢ ᠰᠠᠶᠢᠲᠤᠷ ᠠᠳᠬᠤᠵᠤ᠂ ᠮᠠᠨ ᠤ ᠲᠤᠭᠤᠷᠢᠭ ᠤᠨ ᠭᠤᠣᠯᠯᠠᠬᠤ ᠠᠵᠤ ᠦᠢᠯᠡᠰ ᠤᠨ ᠬᠡᠯᠬᠢᠶ᠎ᠡ ᠳᠤ ᠲᠦᠰᠢᠭᠯᠡᠨ᠂ ᠪᠣᠳᠠᠲᠤ ᠬᠦᠴᠦᠨ ᠢᠶᠠᠷ ᠴᠢᠩᠭ᠎ᠠ᠂ ᠠᠯᠤᠰ ᠢᠷᠡᠭᠡᠳᠦᠢ ᠥᠷᠭᠡᠨ ᠠᠭᠤᠳᠠᠮ᠂ ᠰᠠᠭᠤᠷᠢ ᠭᠦᠨ ᠭᠤᠣᠯᠯᠠᠬᠤ ᠠᠵᠤ ᠦᠢᠯᠡᠰ ᠤᠨ ᠪᠦᠯᠦᠭᠵᠢᠯ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠶᠢᠨ ᠬᠠᠮᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠵᠤ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠵᠠᠰᠠᠬᠤ ᠶᠢ ᠲᠠᠰᠤᠷᠠᠯᠲᠠ ᠦᠭᠡᠢ ᠴᠢᠩᠭᠠᠳᠬᠠᠵᠤ᠂ ᠮᠠᠨ ᠤ ᠲᠤᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠦᠷ ᠳᠠᠯᠠᠶᠢᠴᠠᠲᠠᠢ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠴᠠᠭ ᠦᠶ᠎ᠡ ᠶᠢᠨ ᠣᠨᠴᠠᠯᠢᠭ ᠪᠠ ᠬᠥᠭᠵᠢᠯᠲᠡ ᠶᠢᠨ ᠵᠢᠮ᠎ᠡ ᠶᠣᠰᠣ ᠶᠢ ᠡᠵᠡᠮᠳᠡᠵᠦ᠂ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠰᠣᠶᠣᠯ ᠤᠨ ᠴᠡᠴᠡᠭᠯᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠱᠠᠳᠤᠴᠢ ᠴᠢᠨᠠᠷᠲᠠᠢ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ ︽ᠡᠭᠦᠳᠡ ᠪᠠᠨ ᠨᠡᠭᠡᠭᠡᠵᠦ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ︾ ᠶᠢ ᠪᠠᠷᠢᠮᠲᠠᠯᠠᠵᠤ᠂ ᠲᠤᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠭᠠᠵᠠᠷ ᠣᠷᠣᠨ ᠤ ᠤᠨᠴᠠᠯᠢᠬᠳᠤ ᠳᠠᠪᠠᠭᠤᠯᠢᠭ ᠢᠶᠠᠨ ᠪᠠᠳᠠᠷᠠᠭᠤᠯᠵᠤ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠥᠨᠳᠥᠷ ᠲᠦᠪᠰᠢᠨ᠂ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠵᠡᠮᠳᠡᠭᠴᠦᠳ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠵᠡᠮᠳᠡᠭᠴᠦᠳ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠴᠠᠭᠠᠵᠠ ᠶᠢᠨ ᠲᠤᠰᠠᠯᠠᠮᠵᠢ ᠶᠢᠨ ᠡᠷᠴᠢᠮ ᠢ ᠴᠢᠩᠭᠠᠷᠠᠭᠤᠯᠵᠤ᠂ ᠵᠡᠮᠳᠡᠭᠴᠦᠳ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠪᠥᠬᠦ ᠣᠷᠣᠨ ᠤ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠠᠬᠢᠭᠤᠯᠬᠤ ᠬᠡᠷᠡᠭᠲᠡᠶ᠃      ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠤᠨ ᠲᠦᠷᠢᠮ︾ ᠢ ᠤᠯᠠᠮᠵᠢᠯᠠᠨ ᠰᠤᠷᠤᠯᠴᠠᠵᠤ᠂ ︽︿ᠲᠠᠪᠤᠨ ᠲᠣᠭᠤᠷᠢᠭ ᠨᠢᠭᠡ ᠭᠤᠤᠯ﹀ ᠢ ᠨᠢᠭᠡᠳᠦᠯᠲᠡᠶ ᠲᠥᠯᠥᠪᠯᠡᠨ ᠵᠠᠰᠠᠵᠤ ᠦᠵᠡᠰᠬᠦᠯᠡᠩᠲᠦ ᠰᠠᠶᠢᠬᠠᠨ ᠬᠠᠶᠢᠨᠠᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ︵2025 ᠤᠨ - 2027 ᠣᠨ︶ ᠶᠢᠨ ᠡᠭᠦᠷᠭᠡ ᠶᠢᠨ ᠨᠠᠷᠢᠨ ᠲᠠᠩᠰᠠ︾ ᠶᠢ ᠰᠤᠳᠤᠯᠤᠨ ᠬᠢᠨᠠᠨ ᠵᠥᠪᠯᠡᠵᠦ᠂ ︽ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠤᠨ ᠲᠦᠷᠢᠮ︾ ᠢ ᠰᠤᠷᠤᠯᠴᠠᠨ ᠤᠬᠠᠭᠤᠯᠬᠤ ᠶᠢ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠭᠠᠷᠳᠠᠴᠠ ᠪᠣᠯᠭᠠᠵᠤ᠂ ᠡᠯ᠎ᠡ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠬᠤ ᠡᠭᠦᠷᠭᠡ ᠪᠠ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽ᠲᠠᠪᠤᠨ ᠲᠣᠭᠤᠷᠢᠭ ᠨᠢᠭᠡ ᠭᠤᠤᠯ︾ ᠤᠨ ᠵᠠᠰᠠᠯᠲᠠ ᠶᠢ ᠰᠢᠰᠲ᠋ᠧᠮ ᠲᠠᠢ ᠠᠬᠢᠭᠤᠯᠵᠤ᠂ ᠬᠠᠶᠢᠨᠠᠨ ᠲᠣᠭᠤᠷᠢᠭ ᠤᠨ ᠠᠭᠤᠷᠬᠠᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠰᠢᠪᠲᠤᠯᠤᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ ᠦᠨᠳᠦᠰᠦᠨ ᠴᠢᠨᠠᠷᠲᠠᠶ ᠰᠠᠶᠢᠵᠢᠷᠠᠯᠲᠠ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠨᠠᠮ ᠵᠠᠰᠠᠭ ᠤᠨ ᠪᠠᠶᠢᠭᠤᠯᠭ᠎ᠠ ᠰᠠᠶᠢᠲᠤᠷ ᠠᠷᠪᠢᠯᠠᠨ ᠭᠠᠮᠨᠠᠵᠤ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠲᠦᠷᠢᠮ︾ ᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号