ᠬᠦᠬᠤᠰᠤ ᠪᠠᠯᠭᠠᠰᠤᠨ ᠤ ᠨᠠᠮ ᠤᠨ ᠬᠤᠷᠢᠶ᠎ᠠ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ 10 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/30
      6 ᠰᠠᠷ᠎ᠠ ᠶᠢᠨ 27 ᠤ ᠡᠳᠦᠷ᠂ ᠬᠦᠬᠤᠰᠤ ᠪᠠᠯᠭᠠᠰᠤᠨ ᠤ ᠨᠠᠮ ᠤᠨ ᠬᠤᠷᠢᠶ᠎ᠠ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ 10 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠠᠩ ᡁᠢ ᠯᠸᠢ ᠬᠤᠷᠠᠯ ᠢ ᠡᠷᠬᠢᠯᠡᠵᠦ᠂ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠳᠠ ᠶᠢᠨ ᠭᠤᠷᠪᠠᠳᠤᠭᠠᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠵᠤᠤ ᠶᠤᠸᠠᠨ᠂ ᠯᠢᠦ ᠶᠠᠨ ᠨᠥᠬᠦᠷ ᠬᠤᠷᠠᠯ ᠳᠤ ᠣᠷᠣᠯᠴᠠᠵᠤ ᠵᠢᠭᠠᠨ ᠵᠢᠯᠣᠭᠤᠳᠤᠭᠰᠠᠨ ᠪᠥᠭᠡᠳ ᠦᠨᠡᠯᠡᠯᠲᠡ ᠬᠢᠪᠡ᠃
2.png
      ᠬᠤᠷᠠᠯ ᠠᠴᠠ ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ︾ ᠪᠠᠷ ︽ᠨᠢᠭᠡᠳᠦᠭᠡᠷ ᠵᠥᠪᠯᠡᠬᠦ ᠰᠡᠳᠦᠪ︾ ᠪᠣᠯᠭᠠᠵᠤ᠂ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠤ ᠲᠥᠯᠥᠭᠡᠯᠡᠭᠴᠢ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠶᠠᠷᠢᠶ᠎ᠠ ᠲᠠᠯᠪᠢᠪᠠ᠃ ᠬᠤᠳᠠ ᠶᠢᠨ ᠭᠤᠷᠪᠠᠳᠤᠭᠠᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠵᠤᠤ ᠶᠤᠸᠠᠨ ᠲᠤᠰ ᠤᠳᠠᠭᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ ᠭᠦᠢᠴᠡᠳ ᠨᠤᠲᠠᠯᠠᠬᠤ ᠶᠢᠨ ᠬᠠᠮᠲᠤ ᠭᠦᠬᠤᠰᠣ ᠪᠠᠯᠭᠠᠰᠤᠨ ᠤ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠳᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃
3.png
      ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠶᠢᠨ ᠲᠠᠯ᠎ᠠ ᠪᠠᠷ ᠦᠨᠳᠦᠰᠦ ᠶᠢ ᠨᠢ ᠴᠡᠭᠴᠡᠯᠡᠨ ᠵᠠᠰᠠᠵᠤ᠂ ᠦᠨᠳᠦᠰᠦ ᠶᠢ ᠪᠠᠬᠢᠵᠢᠭᠦᠯᠬᠦ ᠬᠡᠷᠡᠭᠲᠡᠢ᠃ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠶᠢ ᠡᠳᠦᠷ ᠲᠤᠳᠤᠮ ᠤᠨ ᠠᠵᠢᠯ ᠳᠤ ᠪᠠᠨ ᠠᠭᠤᠰᠤᠯᠴᠠᠭᠤᠯᠵᠤ᠂ ᠤᠬᠠᠮᠰᠠᠷ ᠠᠴᠠ ᠪᠠᠨ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠰᠤᠷᠭᠠᠮᠵᠢ ᠠᠪᠬᠤ ᠲᠠᠯ᠎ᠠ ᠪᠠᠷ ᠦᠷᠭᠦᠯᠵᠢᠯᠡᠨ ᠪᠠᠶᠢᠴᠠᠭᠠᠨ ᠦᠵᠡᠵᠦ᠂ ᠪᠠᠷᠢᠨ ᠮᠡᠳᠡᠵᠦ ᠪᠠᠷᠢᠨ ᠰᠠᠶᠢᠵᠢᠷᠠᠭᠤᠯᠬᠤ ᠬᠡᠷᠡᠭᠲᠡᠶ᠃ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠠᠴᠠ ᠵᠥᠷᠢᠴᠡᠭᠰᠡᠨ ᠬᠦᠨᠳᠦ ᠨᠣᠴᠢᠲᠠᠢ ᠬᠤᠣᠷ ᠬᠥᠨᠥᠭᠡᠯᠲᠦ ᠴᠢᠨᠠᠷ ᠢ ᠭᠦᠢᠴᠡᠳ ᠲᠠᠨᠢᠵᠤ᠂ ᠨᠡᠶᠢᠲᠡᠯᠢᠭ ᠬᠡᠷᠡᠭ ᠤᠨ ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠵᠤ᠂ ᠰᠢᠨ᠎ᠡ ᠰᠤᠷᠲᠠᠯ ᠢ ᠪᠤᠢ ᠪᠣᠯᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠬᠦᠴᠦᠯᠡᠨ ᠪᠤᠢ ᠪᠣᠯᠭᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠤᠨ ᠲᠠᠯ᠎ᠠ ᠪᠠᠷ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠡᠷᠴᠢᠮ ᠢᠶᠠᠨ ᠰᠤᠯᠠᠷᠠᠭᠤᠯᠬᠤ ᠥᠬᠡᠶ᠂ ᠡᠷᠴᠢ ᠵᠣᠷᠢᠭ ᠢᠶᠠᠨ ᠰᠤᠯᠠᠷᠠᠭᠤᠯᠬᠤ ᠥᠬᠡᠶ ᠪᠠᠶᠢᠬᠤ ᠶᠢ ᠪᠠᠲᠤᠯᠠᠵᠤ᠂ ᠰᠤᠷᠤᠯᠴᠠᠬᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠥᠭᠡᠷᠡᠴᠢᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠥᠷᠭᠡᠳᠬᠡᠵᠦ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠥᠬᠦ ᠪᠠᠯᠭᠠᠰᠤᠨ ᠤ ᠴᠢᠨᠠᠷ ᠰᠠᠶᠢᠲᠠᠶ ᠬᠥᠭᠵᠢᠯᠲᠡ ᠶᠢᠨ ᠪᠣᠳᠠᠲᠤ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号