ᠪᠠᠶ ᠴᠦᠨ ᠯᠸᠢ ᠬᠠᠲᠠᠭᠤ ᠪᠡᠶᠡᠲᠣ ᠬᠠᠶᠠᠡᠭ᠌ᠳᠠᠮᠧᠯ ᠪᠣᠳᠠᠰ ᠢ ᠣᠪᠣᠭᠠᠯᠠᠨ ᠬᠠᠳᠠᠭᠠᠯᠠᠬᠤ ᠪᠠ ᠦᠬᠠᠶ ᠬᠤᠲᠠ ᠶᠢᠨ ᠣᠷᠴᠢᠨ ᠲᠣᠭᠤᠷᠢᠨ ᠤ ᠰᠡᠷᠡᠮᠵᠢᠯᠡᠭᠦᠯᠬᠦ ᠹᠢᠯᠢᠮ ᠢ ᠵᠢᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/6/30
      6 ᠰᠠᠷ᠎ᠠ ᠶᠢᠨ 29 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠬᠠᠲᠠᠭᠤ ᠪᠡᠶᠡᠲᠣ ᠬᠠᠶᠠᠡᠭ᠌ᠳᠠᠮᠧᠯ ᠪᠣᠳᠠᠰ ᠢ ᠣᠪᠣᠭᠠᠯᠠᠨ ᠬᠠᠳᠠᠭᠠᠯᠠᠬᠤ ᠪᠠ ᠦᠬᠠᠶ ᠬᠤᠲᠠ ᠶᠢᠨ ᠣᠷᠴᠢᠨ ᠲᠣᠭᠤᠷᠢᠨ ᠤ ᠰᠡᠷᠡᠮᠵᠢᠯᠡᠭᠦᠯᠬᠦ ᠹᠢᠯᠢᠮ ᠢ ᠵᠢᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠪᠠ᠃ ᠲᠣᠭᠤᠷᠢᠭ ᠤᠨ ᠤᠳᠤᠷᠢᠳᠤᠯᠭ᠎ᠠ ᠯᠢᠦ ᠲᠢᠶᠠᠨ ᠴᠢᠩ᠂ ᠸᠠᠩ ᠶᠦᠩ ᠱᠧᠩ ᠣᠷᠣᠯᠴᠠᠪᠠ᠃
1.jpg
      ᠪᠠᠢ ᠴᠦᠨ ᠯᠸᠢ ᠤᠷᠢᠳ ᠬᠤᠵᠢᠳ ᠪᠦᠦ ᠬᠤᠩ ᠬᠢᠮᠢ ᠶᠢᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠱᠧᠩ ᠬᠤᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠶᠢᠨ ᠢᠦᠢ ᠴᠠᠬᠢᠭᠤᠷ ᠤᠨ ᠦᠢᠯᠡᠰ ᠤᠨ ᠬᠢᠵᠠᠭᠠᠷᠲᠤ ᠺᠣᠮᠫᠠᠨᠢ᠂ ᠹᠦ᠋ ᠰᠢᠨ ᠡᠨᠧᠷᠭᠢ ᠶᠢᠨ ᠡᠮᠦᠨ᠎ᠡ ᠡᠭᠦᠳᠡ᠂ ᠰᠢᠩ ᠲᠦᠩ ᠨᠠᠢ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠪᠤᠭᠤᠲᠤ ᠶᠢᠨ ᠪᠤᠯᠤᠳ ᠲᠡᠮᠤᠷ ᠤᠨ ᠦᠢᠯᠡᠰ ᠤᠨ ᠺᠣᠮᠫᠠᠨᠢ ᠪᠣᠯᠤᠨ ᠷᠦᠩ ᠰᠢᠨ ᠡᠨᠧᠷᠭᠢ ᠶᠢᠨ ᠺᠣᠮᠫᠠᠨᠢ ᠶᠢᠨ ᠡᠮᠦᠨ᠎ᠡ ᠡᠭᠦᠳᠡᠨ ᠤ ᠲᠡᠷᠭᠡᠨ ᠵᠣᠭᠰᠣᠭᠠᠯ᠂ ᠵᠦᠩ ᠯᠢᠶᠠᠨ ᠬᠢᠮᠢ ᠶᠢᠨ ᠠᠵᠤ ᠦᠢᠯᠡᠳᠪᠦᠷᠢ ᠶᠢᠨ ᠲᠣᠭᠤᠷᠢᠭ ᠤᠨ ᠬᠤᠶᠢᠲᠤ ᠲᠠᠯ᠎ᠠ ᠶᠢᠨ ᠲᠡᠷᠭᠡᠨ ᠵᠣᠭᠰᠣᠭᠠᠯ ᠳᠤ ᠬᠦᠷᠴᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠣᠪᠣᠭᠠᠯᠠᠵᠤ ᠪᠠᠶᠢᠭ᠎ᠠ ᠵᠢᠴᠢ ᠦᠬᠠᠢ ᠬᠤᠳᠠ ᠶᠢᠨ ᠣᠷᠴᠢᠨ ᠲᠣᠭᠤᠷᠢᠨ ᠤ ᠠᠰᠠᠭᠤᠳᠠᠯ ᠤᠨ ᠰᠡᠷᠡᠮᠵᠢ ᠶᠢᠨ ᠹᠢᠯᠢᠮ ᠢ ᠵᠢᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠪᠣᠳᠠᠲᠠᠢ ᠠᠵᠢᠯ ᠤᠨ ᠱᠠᠭᠠᠷᠳᠠᠯᠭ᠎ᠠ ᠳᠤᠷᠠᠳᠴᠠᠢ᠃ ᠲᠡᠷᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠡᠷᠡᠮᠵᠢ ᠶᠢᠨ ᠹᠢᠯᠢᠮ ᠳᠤ ᠵᠢᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠯᠤᠰ ᠲᠦᠷᠦᠴᠢ ᠴᠢᠨᠠᠷ᠂ ᠲᠥᠪ ᠴᠢᠩᠭ᠎ᠠ ᠴᠢᠨᠠᠷ ᠢ ᠭᠦᠨᠵᠡᠭᠡᠢ ᠲᠠᠨᠢᠵᠤ᠂ ᠡᠷᠡᠰ ᠥᠭᠡᠷᠡᠴᠢᠯᠡᠬᠦ᠂ ᠪᠣᠳᠠᠲᠠᠢ ᠴᠡᠭᠴᠡᠯᠡᠨ ᠰᠠᠶᠢᠵᠢᠷᠠᠭᠤᠯᠬᠤ ᠢᠯᠡ ᠲᠣᠳᠣ ᠣᠪᠣᠷ ᠢ ᠪᠠᠲᠤ ᠪᠤᠢ ᠪᠣᠯᠭᠠᠵᠤ᠂ ᠠᠯᠪᠠ ᠬᠠᠰᠢᠵᠤ ᠠᠮᠠ ᠪᠥᠭᠯᠡᠬᠦ᠂ ᠦᠩᠭᠡᠨ ᠲᠠᠯ᠎ᠠ ᠠᠴᠠ ᠴᠡᠭᠴᠡᠯᠡᠨ ᠰᠠᠶᠢᠵᠢᠷᠠᠭᠤᠯᠬᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ ᠭᠡᠵᠦ ᠬᠡᠯᠡᠪᠡ᠃ ᠪᠠᠬᠢᠯᠡᠯᠲᠡ ᠶᠢ ᠡᠪᠳᠡᠵᠦ᠂ ᠨᠢᠭᠲᠠ ᠬᠠᠮᠵᠢᠯᠴᠠᠵᠤ᠂ ᠪᠥᠬᠦ ᠬᠡᠯᠬᠢᠶ᠎ᠡ᠂ ᠵᠠᠶ ᠵᠠᠪᠰᠠᠷ ᠥᠬᠡᠶ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠴᠡᠭᠴᠡᠯᠡᠨ ᠰᠠᠶᠢᠵᠢᠷᠠᠭᠤᠯᠬᠤ ᠠᠬᠢᠴᠠ ᠬᠤᠴᠣᠷᠤᠩᠭᠤᠶ ᠪᠠᠶᠢᠬᠤ ᠴᠡᠭ ᠢ ᠫᠠᠶᠢᠰᠠ ᠡᠯᠭᠦᠨ ᠱᠠᠯᠠᠪᠳᠠᠭᠤᠯᠤᠨ ᠰᠢᠢᠳᠪᠦᠷᠢᠯᠡᠵᠦ᠂ ᠭᠤᠤᠯᠳᠠᠯᠭ᠎ᠠ ᠲᠠᠢ ᠠᠩᠬᠠᠷᠤᠨ ᠰᠡᠷᠭᠡᠶᠢᠯᠡᠵᠦ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠣᠷᠴᠢᠨ ᠲᠣᠭᠤᠷᠢᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠨᠠᠯᠲᠠ ᠬᠠᠮᠢᠶᠠᠷᠤᠯᠲᠠ ᠳᠤᠲᠠᠭᠳᠠᠭᠰᠠᠨ ᠠᠴᠠ ᠪᠤᠯᠵᠤ ᠠᠮᠢ ᠠᠬᠤᠢ ᠣᠷᠴᠢᠨ ᠲᠣᠭᠤᠷᠢᠨ ᠢ ᠡᠪᠳᠡᠬᠦ ᠶᠢ ᠡᠷᠡᠰ ᠰᠡᠷᠭᠡᠶᠢᠯᠡᠵᠦ᠂ ᠬᠥᠭᠵᠢᠯᠲᠡ ᠪᠠ ᠠᠮᠢ ᠠᠬᠤᠢ ᠬᠤᠶᠠᠷ ᠬᠤᠷᠢᠭ᠎ᠠ ᠱᠤᠭᠤᠮ ᠢ ᠦᠨᠡᠨᠬᠦ ᠰᠠᠶᠢᠲᠤᠷ ᠰᠠᠬᠢᠬᠤ ᠬᠡᠷᠡᠭᠲᠡᠢ᠃ ᠠᠵᠤ ᠠᠬᠤᠶᠢᠯᠠᠯ ᠤᠳ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠰᠠᠨᠠᠭᠠᠨ ᠤ ᠲᠠᠯ᠎ᠠ ᠪᠠᠷ ᠰᠣᠨᠣᠷ ᠰᠡᠷᠡᠮᠵᠢ ᠲᠠᠢ ᠪᠠᠶᠢᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠤᠬᠠᠮᠰᠠᠷ ᠲᠠᠢ ᠪᠠᠶᠢᠵᠤ᠂ ᠠᠵᠠ ᠬᠠᠷᠠᠬᠤ ᠪᠤᠳᠤᠯ ᠪᠠ ᠬᠤᠶᠢᠷᠭᠤᠰᠢᠬᠤ ᠦᠵᠡᠯ ᠰᠠᠨᠠᠭ᠎ᠠ ᠶᠢ ᠡᠷᠡᠰ ᠬᠤᠷᠢᠭᠯᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠣᠪᠣᠭᠠᠯᠠᠨ ᠬᠠᠳᠠᠭᠠᠯᠠᠬᠤ᠂ ᠲᠣᠭᠤᠰᠣ ᠰᠢᠷᠣᠢ ᠶᠢᠨ ᠪᠣᠬᠢᠷᠲᠤᠯ ᠵᠡᠷᠭᠡ ᠲᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠤᠨ ᠵᠢᠷᠤᠮᠵᠢᠭᠰᠠᠨ ᠬᠥᠭᠵᠢᠯᠲᠡ᠂ ᠪᠣᠬᠢᠷᠲᠤᠯ ᠦᠭᠡᠢ ᠬᠥᠭᠵᠢᠯᠲᠡ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号