2025 ᠣᠨ ᠤ 6 ᠰᠠᠷ᠎ᠠ ᠶᠢᠨ 25 ᠤ ᠡᠳᠦᠷ ᠤᠨ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠪᠠᠶᠢᠳᠠᠯ
ᠨᠡᠶᠢᠲᠡᠯᠡᠭᠰᠡᠨ ᠴᠠᠭ᠄
2025/6/30
      ᠪᠠᠢ ᠴᠦᠨ ᠯᠸᠢ᠄ ᠦᠬᠠᠢ ᠬᠤᠳᠠ ᠶᠢᠨ ᠨᠠᠢᠮᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 187 ᠳ᠋ᠤᠭᠠᠷ ᠬᠤᠷᠠᠯ ᠳᠤ ᠣᠷᠣᠯᠴᠠᠵᠤ᠂  ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠵᠠᠷᠯᠠᠨ ᠮᠡᠳᠡᠭᠳᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠤᠷᠠᠯ ᠳᠤ ᠣᠷᠣᠯᠴᠠᠪᠠ᠃      ᠱᠢ ᠯᠢ ᠴᠢᠶᠠᠩ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠠᠶᠢᠮᠠᠭ ᠬᠤᠲᠠ ᠶᠢᠨ 1 - 5 ᠰᠠᠷ᠎ᠠ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠲᠣᠬᠢᠷᠠᠭᠤᠯᠬᠤ ᠬᠤᠷᠠᠯ ᠳᠤ ᠣᠷᠣᠯᠴᠠᠵᠤ᠂ ᠲᠢᠶᠠᠨ ᠢᠦᠢ ᠶᠢᠨ 4 ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠢ ᠬᠢᠨᠠᠨ ᠵᠢᠯᠣᠭᠤᠳᠴᠤ ᠪᠠᠶᠢᠴᠠᠭᠠᠭᠰᠠᠨ ᠪᠥᠭᠡᠳ ᠬᠤᠳᠳᠤᠭ ᠲᠤ ᠪᠠᠭᠤᠯᠭᠠᠪᠠ᠃      ᠰᠢᠤ ᠹᠠᠩ᠄ 23 - 25 ᠤ ᠡᠳᠦᠷ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠪᠦᠬᠦ ᠬᠤᠳᠠ ᠶᠢᠨ ︽ᠲᠠᠪᠤᠨ ᠶᠡᠭᠡ ᠡᠭᠦᠷᠭᠡ ᠶᠢᠨ ᠡᠨᠧᠷᠭᠢ ᠣᠯᠭᠤᠬᠤ ᠲᠥᠯᠥᠪᠯᠡᠭᠡ︾ ᠳᠤ ᠣᠷᠣᠯᠴᠠᠪᠠ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠪᠠ ᠬᠤᠳᠠ ᠶᠢ ᠰᠢᠨᠡᠳᠬᠡᠬᠦ ᠠᠵᠢᠯᠯᠠᠭ᠎ᠠ ᠶᠢᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠶᠢ ᠬᠡᠷᠡᠭᠵᠢᠭᠦᠯᠦᠨ᠎ᠡ᠃      ᠯᠢᠦ ᠵᠢᠶᠠᠨ ᠫᠢᠩ᠄ ᠠᠮᠤᠷ ᠢ ᠬᠠᠮᠠᠭᠠᠯᠠᠬᠤ ᠶᠠᠪᠤᠳᠠᠯ ᠢ ᠲᠣᠬᠢᠷᠠᠭᠤᠯᠪᠠ᠃      ᠯᠢᠦ ᠲᠢᠶᠠᠨ ᠴᠢᠩ᠄ ︽︿ᠬᠡᠯᠬᠢᠶ᠎ᠡ﹀ ᠬᠦᠳᠡᠯᠦᠩᠬᠦᠢ ᠬᠥᠬᠡᠮᠥ᠋ᠷᠡᠨ ᠤ ᠭᠤᠷᠪᠠᠯᠵᠢᠨ ᠬᠤᠶᠢᠭ ᠤᠨ ︿ᠤᠶᠤᠨ﹀ ᠢᠶᠠᠷ ᠰᠢᠨ᠎ᠡ ᠬᠥᠳᠡᠯᠭᠡᠬᠦ ᠬᠦᠴᠦᠨ ᠢ ᠡᠭᠦᠳᠬᠦ︾ ᠥᠪᠥᠷ ᠮᠣᠩᠭᠤᠯ ᠤᠨ ᠦᠬᠠᠢ ︵ᠬᠠᠩᠵᠧᠦ︶ ᠶᠢᠨ ᠥᠨᠳᠥᠷ ᠦᠷᠳᠡᠭ ᠲᠠᠢ ᠠᠵᠤ ᠦᠢᠯᠡᠰ ᠤᠨ ᠲᠦᠷᠦᠯ ᠵᠦᠢᠯ ᠢ ᠵᠣᠯᠭᠠᠭᠤᠯᠬᠤ ᠠᠵᠢᠯᠯᠠᠭ᠎ᠠ ᠶᠢ ᠵᠣᠬᠢᠴᠠᠭᠤᠯᠤᠨ ᠠᠬᠢᠭᠤᠯᠬᠤ ᠬᠤᠷᠠᠯ ᠳᠤ  ᠣᠷᠣᠯᠴᠠᠪᠠ᠃      ᠸᠠᠩ ᠶᠦᠩ ᠱᠧᠩ᠄ ᠬᠢᠮᠳᠠ ᠲᠦᠷᠢᠶᠡᠰᠦᠨ ᠣᠷᠣᠨ ᠰᠠᠭᠤᠴᠠ ᠶᠢᠨ ᠦᠨᠡᠮᠯᠡᠯ ᠠᠪᠬᠤ ᠶᠠᠪᠤᠳᠠᠯ ᠳᠤ ᠲᠣᠬᠢᠷᠠᠭᠤᠯᠤᠯᠲᠠ ᠬᠢᠵᠦ᠂ 26 ᠳ᠋ᠤᠭᠠᠷ ᠪᠦᠯᠦᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠪᠣᠯᠤᠨ G1816 ᠳ᠋ᠤᠭᠠᠷ ᠲᠡᠮᠦᠷ ᠵᠠᠮ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃      ᠵᠠᠩ ᠨᠢᠩ᠄  ︽ᠲᠣᠭᠠᠴᠢᠯᠠᠭᠰᠠᠨ ᠮᠡᠷᠭᠡᠵᠢᠯ ᠤᠨ ᠬᠡᠷᠡᠭᠯᠡᠯᠲᠡ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢ ᠪᠤᠶᠢᠵᠢᠭᠤᠯᠬᠤ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ︾ ᠤᠨ ᠪᠠᠶᠢᠴᠠᠭᠠᠨ ᠰᠤᠳᠤᠯᠤᠯᠲᠠ ᠳᠤ ᠣᠷᠣᠯᠴᠠᠵᠤ᠂ ᠲᠤᠰᠬᠠᠢ ᠰᠡᠳᠦᠪᠲᠦ ᠬᠤᠷᠠᠯ ︵ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠲᠠᠨ ᠠᠵᠢᠯᠴᠢᠨ ᠤ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ᠎ᠠ︶ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃      ᠶᠠᠩ ᠽᠧ ᠢᠦᠢ᠄ ᠳᠠᠭᠠᠭᠠᠴᠢᠯᠠᠨ ᠬᠤᠯᠪᠣᠭᠠᠯᠠᠭᠰᠠᠨ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠪᠠᠶᠢᠴᠠᠭᠠᠨ ᠰᠤᠳᠤᠯᠵᠤ᠂ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢᠨ ᠳᠠᠭᠠᠭᠠᠴᠢᠯᠠᠨ ᠬᠤᠯᠪᠣᠭᠠᠯᠠᠭᠰᠠᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号