ᠷᠠᠰᠠᠩ ᠰᠦᠮ᠎ᠡ ᠪᠠᠯᠭᠠᠰᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ 120 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/4
      5 ᠰᠠᠷ᠎ᠠ ᠶᠢᠨ 29 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠶᠤᠸᠠᠢ ᠯᠦᠩ ᠷᠠᠰᠠᠩ ᠰᠦᠮ᠎ᠡ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 120 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ 4 ᠰᠠᠷ᠎ᠠ ᠶᠢᠨ 25 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠱᠠᠩᠬᠠᠢ ᠳᠤ ᠰᠢᠨᠵᠢᠯᠡᠨ ᠪᠠᠶᠢᠴᠠᠭᠠᠵᠤ᠂ ᠬᠡᠰᠡᠭ ᠮᠤᠵᠢ ᠣᠷᠣᠨ ᠬᠤᠳᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠠᠷᠢᠯᠴᠠᠬᠤ ᠬᠤᠷᠠᠯ᠂ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠵᠢᠴᠢ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠳᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠯᠢᠶᠣᠤᠨᠢᠩ ᠤᠨ ᠯᠢᠶᠣᠤ ᠶᠠᠩ ᠬᠤᠳᠠ ᠶᠢᠨ ᠴᠠᠭᠠᠨ ᠰᠤᠪᠤᠷᠭ᠎ᠠ ᠲᠣᠭᠤᠷᠢᠭ ᠤᠨ ᠨᠢᠭᠡᠳᠦᠭᠡᠷ ᠵᠣᠴᠢᠳ ᠤᠨ ᠪᠠᠭᠤᠳᠠᠯ ᠤᠨ ᠭᠠᠯ ᠤᠨ ᠠᠶᠤᠯ ᠤᠨ ᠠᠳᠡᠯ᠂ ᠭᠦᠢᠵᠸᠤ ᠶᠢᠨ ᠪᠢ ᠵᠢᠶᠧ ᠬᠤᠳᠠ ᠶᠢᠨ ᠴᠢᠶᠠᠨ ᠰᠢ ᠬᠤᠳᠠ ᠶᠢᠨ ᠵᠤᠭᠠᠴᠠᠯ ᠤᠨ ᠣᠩᠭᠤᠴᠠ ᠬᠥᠷᠬᠦ ᠠᠳᠡᠯ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠵᠡᠷᠭᠡ ᠠᠭᠤᠯᠭ᠎ᠠ ᠶᠢ ᠬᠢᠨᠠᠨ ᠵᠥᠪᠯᠡᠵᠦ ᠪᠠᠲᠤᠯᠠᠨ᠂ ︽ᠷᠠᠰᠠᠩ ᠰᠦᠮ᠎ᠡ ᠪᠠᠯᠭᠠᠰᠤᠨ ᠤ 2025 ᠣᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠨᠠᠷᠢᠨ ᠲᠠᠩᠰᠠ︾ ᠶᠢ ᠬᠢᠨᠠᠨ ᠵᠥᠪᠯᠡᠵᠦ ᠪᠠᠲᠤᠯᠠᠨ᠂ ᠮᠠᠨ ᠤ ᠪᠠᠯᠭᠠᠰᠤᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠲᠣᠭᠲᠠᠭᠠᠵᠤ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠲᠠᠢ ᠨᠢᠭᠲᠠ ᠤᠶᠠᠯᠳᠤᠭᠤᠯᠤᠨ᠂ ᠮᠠᠨ ᠤ ᠪᠠᠯᠭᠠᠰᠤᠨ ᠤ ᠪᠣᠳᠠᠲᠤ ᠪᠠᠶᠢᠳᠠᠯ ᠳᠤ ᠰᠠᠭᠤᠷᠢᠯᠠᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠥᠭᠵᠢᠯᠲᠡ ᠶᠢᠨ ᠬᠠᠷᠠᠯᠲᠠ ᠶᠢ ᠠᠯᠤᠰ ᠬᠡᠲᠦ ᠶᠢᠨ ᠴᠢᠨᠠᠷᠲᠠᠶ ᠪᠠᠷ ᠰᠦᠪᠡᠭᠴᠢᠯᠡᠬᠦ ᠬᠡᠷᠡᠭᠲᠡᠶ᠃ ᠠᠵᠢᠯᠴᠢᠨ ᠤ ᠡᠪᠯᠡᠯ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯᠳᠠᠨ ᠠᠵᠢᠯᠴᠢᠨ ᠤ ᠡᠷᠬᠡ ᠠᠰᠢᠭ ᠢ ᠬᠠᠮᠠᠭᠠᠯᠠᠵᠤ᠂ ᠬᠦᠴᠢᠷᠳᠡᠯᠲᠡᠢ ᠠᠵᠢᠯᠳᠠᠨ ᠠᠵᠢᠯᠴᠢᠨ ᠢ ᠬᠠᠪᠰᠤᠷᠤᠨ ᠲᠡᠳᠬᠦᠵᠦ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠢᠯᠳᠠᠨ ᠠᠵᠢᠯᠴᠢᠨ ᠤ ᠠᠵᠢᠯ ᠬᠢᠵᠦ ᠦᠢᠯᠡᠰ ᠪᠤᠰᠬᠠᠬᠤ ᠬᠠᠯᠠᠭᠤᠨ ᠰᠡᠳᠬᠢᠯᠭᠡ ᠶᠢ ᠬᠥᠭᠵᠢᠭᠡᠨ᠎ᠡ᠃ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠪᠣᠯᠤᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭ᠎ᠠ ᠬᠦᠷᠴᠦ ᠢᠷᠡᠬᠦ ᠭᠡᠵᠦ ᠪᠠᠶᠢᠨ᠎ᠠ᠂ ᠣᠯᠠᠨ ᠲᠦᠮᠡᠨ ᠤ ᠶᠠᠪᠤᠵᠤ ᠰᠠᠭᠤᠬᠤ ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ ᠨᠡᠮᠡᠭᠳᠡᠵᠦ᠂ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠴᠢᠬᠤᠯᠠᠲᠠᠶ ᠪᠠᠶᠢᠨ᠎ᠠ᠂ ᠦᠵᠡᠮᠵᠢ ᠶᠢᠨ ᠣᠷᠣᠨ᠂ ᠬᠤᠭᠤᠯᠠᠨ ᠬᠡᠷ ᠵᠡᠷᠭᠡ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠢ ᠪᠠᠶᠢᠴᠠᠭᠠᠬᠤ ᠡᠷᠴᠢᠮ ᠢᠶᠠᠨ ᠭᠤᠤᠯᠳᠠᠯᠭ᠎ᠠ ᠲᠠᠢ ᠴᠢᠩᠭᠠᠷᠠᠭᠤᠯᠵᠤ᠂ ᠭᠠᠯ ᠤᠨ ᠠᠶᠤᠯ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠡᠭᠦᠨ ᠤ ᠬᠠᠮᠲᠤ᠂ ᠲᠠᠷᠢᠶᠠᠯᠠᠩ ᠤᠨ ᠦᠢᠯᠡᠳᠪᠦᠷᠢᠯᠡᠯ ᠤᠨ ᠠᠶᠤᠯᠭᠦᠶ ᠶᠢᠨ ᠵᠢᠯᠣᠭᠤᠳᠣᠯᠭ᠎ᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠠᠶᠤᠯᠭᠦᠶ ᠶᠢᠨ ᠡ᠊ᠨᠳᠡᠯ ᠢ ᠬᠤᠷᠢᠭᠯᠠᠨ᠎ᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠤᠨᠤᠯ ᠤᠨ ᠰᠤᠷᠤᠯᠴᠠᠯᠭ᠎ᠠ ᠶᠢ ᠲᠠᠬᠢᠨ ᠭᠦᠨᠵᠡᠭᠡᠶᠢᠷᠡᠭᠦᠯᠬᠦ᠂ ᠠᠰᠠᠭᠤᠳᠠᠯ ᠢ ᠪᠠᠶᠢᠴᠠᠭᠠᠨ ᠳᠡᠯᠭᠡᠬᠦ ᠳᠤ ᠠᠩᠬᠠᠷᠤᠯ ᠢᠶᠠᠨ ᠲᠥᠪᠯᠡᠷᠡᠭᠦᠯᠬᠦ᠂ ᠠᠵᠢᠯ ᠤᠨ ᠬᠠᠷᠢᠭᠤᠴᠠᠯᠭ᠎ᠠ ᠶᠢ ᠲᠠᠬᠢᠨ ᠪᠣᠳᠠᠲᠠᠶᠢᠵᠢᠭᠤᠯᠬᠤ ᠶᠢ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠪᠠᠶᠢᠩᠭᠤ ᠠᠳᠬᠤᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠰᠤᠷᠤᠯᠴᠠᠯᠭ᠎ᠠ ᠬᠥᠮᠦᠵᠢᠯ ᠤᠨ ᠡᠮᠬᠢ ᠵᠢᠷᠤᠮ ᠲᠠᠢ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号