ᠪᠠᠶᠠᠨᠲᠤᠬᠤᠢ ᠪᠠᠯᠭᠠᠰᠤ 2025 ᠣᠨ ᠤ 13 ᠳ᠋ᠤᠭᠠᠷ ᠤᠳᠠᠭ᠎ᠠ ᠶᠢᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/4
      5 ᠰᠠᠷ᠎ᠠ ᠶᠢᠨ 29 ᠤ ᠡᠳᠦᠷ᠂ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠯᠢᠦ ᠶᠠᠨ ᠫᠧᠩ ᠪᠠᠶᠠᠨᠲᠣᠬᠤᠶ ᠪᠠᠯᠭᠠᠰᠤᠨ ᠤ 2025 ᠣᠨ ᠤ 13 ᠳ᠋ᠤᠭᠠᠷ ᠤᠳᠠᠭᠠᠨ ᠤ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ  ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠨᠠᠮ ᠵᠠᠰᠠᠭ ᠤᠨ ᠪᠠᠶᠢᠭᠤᠯᠭ᠎ᠠ ᠰᠠᠶᠢᠲᠤᠷ ᠠᠷᠪᠢᠯᠠᠨ ᠭᠠᠮᠨᠠᠵᠤ ᠪᠦᠷᠢᠯᠭᠡᠬᠦ ᠶᠢ ᠡᠰᠡᠷᠭᠦᠴᠡᠬᠦ ᠲᠦᠷᠢᠮ︾ ᠵᠡᠷᠭᠡ ᠠᠭᠤᠯᠭ᠎ᠠ ᠶᠢ ᠲᠤᠰᠬᠠᠶ ᠰᠡᠳᠦᠪ ᠢᠶᠠᠷ ᠰᠤᠷᠤᠯᠴᠠᠵᠤ᠂ ᠮᠠᠨ ᠤ ᠪᠠᠯᠭᠠᠰᠤᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠪᠦᠬᠦ ᠪᠠᠯᠭᠠᠰᠤᠨ ᠤ ᠳᠡᠭᠡᠳᠦ ᠲᠤᠤᠷᠠᠳᠤ ᠱᠠᠳᠤ ᠪᠠᠷ ᠢᠶᠠᠨ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠬᠤ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ  ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ︽ᠨᠠᠮ ᠵᠠᠰᠠᠭ ᠤᠨ ᠪᠠᠶᠢᠭᠤᠯᠭ᠎ᠠ ᠰᠠᠶᠢᠲᠤᠷ ᠠᠷᠪᠢᠯᠠᠨ ᠭᠠᠮᠨᠠᠵᠤ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠲᠦᠷᠢᠮ︾ ᠤᠨ ᠠᠭᠤᠯᠤᠭᠳᠠᠬᠤᠨ ᠮᠥᠨ ᠴᠢᠨᠠᠷ ᠢ ᠭᠦᠨᠵᠡᠭᠡᠶ ᠣᠶᠢᠯᠠᠭᠠᠵᠤ᠂ ᠰᠤᠷᠤᠯᠴᠠᠯᠭ᠎ᠠ ᠶᠢ ᠡᠳᠦᠷ ᠲᠤᠲᠤᠮ ᠤᠨ ᠠᠵᠢᠯ ᠳᠠᠭᠠᠨ ᠠᠭᠤᠰᠤᠯᠴᠠᠭᠤᠯᠬᠤ᠂ ᠪᠠᠶᠢᠩᠭᠤ ᠠᠳᠬᠤᠬᠤ ᠶᠢ ᠪᠠᠷᠢᠮᠲᠠᠯᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨ ᠬᠦ ᠪᠣᠳᠠᠲᠠᠶ ᠠᠰᠠᠭᠤᠳᠠᠯ ᠢ ᠰᠢᠢᠳᠪᠦᠷᠢᠯᠡᠬᠦ᠂ ᠠᠵᠢᠯ ᠢᠶᠠᠨ ᠳᠥᠯᠭᠢᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ᠃ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠬᠦ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠦᠨᠡᠨ ᠬᠦ ᠠᠷᠠᠳ ᠣᠯᠠᠨ ᠤ ᠬᠠᠶᠢᠷ᠎ᠠ ᠰᠡᠳᠬᠢᠯᠭᠡ ᠶᠢᠨ ᠮᠡᠳᠡᠷᠡᠮᠵᠢ ᠪᠠ ᠦᠢᠯᠡ ᠠᠵᠢᠯᠯᠠᠭ᠎ᠠ ᠶᠢᠨ ᠳᠠᠳᠬᠠᠯ ᠪᠣᠯᠭᠠᠨ ᠬᠤᠪᠢᠷᠠᠭᠤᠯᠬᠤ ᠬᠡᠷᠡᠭᠲᠡᠶ᠃ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠨᠡᠩ ᠪᠠᠶᠠᠷᠯᠠᠭᠤᠰᠢᠲᠠᠢ ᠪᠥᠭᠡᠳ ᠪᠦᠲᠦᠮᠵᠢᠲᠡᠢ ᠪᠣᠯᠭᠠᠨ᠎ᠠ᠃ ᠴᠠᠭ ᠢᠮᠠᠭᠲᠠ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ ᠢᠯᠠᠩᠭᠤᠶ᠎ᠠ ᠴᠢᠬᠤᠯᠠ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠲᠠᠢ ᠴᠢᠩᠭ᠎ᠠ ᠬᠠᠷᠭᠤᠭᠤᠯᠵᠤ᠂ ᠰᠠᠬᠢᠯᠭ᠎ᠠ ᠪᠠᠲᠤ ᠶᠣᠰᠣ ᠲᠦᠷᠢᠮ ᠤᠨ ᠤᠬᠠᠮᠰᠠᠷ ᠢ ᠠᠵᠢᠯ ᠪᠠ ᠡᠳᠦᠷ ᠲᠤᠳᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠦᠭᠡ ᠶᠠᠷᠢᠶ᠎ᠠ ᠪᠠᠨ ᠴᠡᠭᠡᠷ ᠲᠠᠢ᠂ ᠦᠢᠯᠡ ᠠᠵᠢᠯᠯᠠᠭ᠎ᠠ ᠪᠠᠨ ᠵᠣᠭᠰᠣᠭᠠᠬᠤ ᠶᠢ ᠪᠡᠶᠡᠯᠡᠭᠦᠯᠵᠦ᠂ ᠴᠢᠯᠥᠭᠡ ᠭᠤᠶᠤᠬᠤ᠂ ᠵᠢᠵᠢᠭᠦᠷᠯᠡᠨ ᠰᠠᠬᠢᠬᠤ ᠵᠡᠷᠭᠡ ᠲᠦᠷᠢᠮ ᠢ ᠴᠢᠩᠭ᠎ᠠ ᠬᠡᠷᠡᠭᠵᠢᠭᠦᠯᠵᠦ᠂ ᠴᠢᠩᠭ᠎ᠠ ᠲᠣᠳᠣᠷᠬᠠᠢ ᠰᠠᠬᠢᠯᠭ᠎ᠠ ᠪᠠᠲᠤ ᠪᠠᠷ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃      ᠬᠤᠷᠠᠯ ᠠᠴᠠ᠂ ᠪᠠᠯᠭᠠᠰᠤᠨ ᠤ ᠱᠠᠲᠤᠨ ᠤ ᠭᠤᠤᠯ ᠮᠥᠷᠡᠨ ᠤ ᠳᠠᠷᠤᠭ᠎ᠠ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠲᠦᠷᠦᠭᠦᠯᠡᠨ ᠶᠡᠷᠦᠩᠬᠡᠶᠢᠯᠡᠨ ᠠᠳᠬᠤᠵᠤ᠂ ᠲᠣᠰᠬᠤᠨ ᠤ ᠱᠠᠲᠤᠨ ᠤ ᠭᠤᠤᠯ ᠮᠥᠷᠡᠨ ᠤ ᠳᠠᠷᠤᠭ᠎ᠠ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠶ᠋ᠴᠡᠳᠬᠡᠵᠦ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠭᠤᠤᠯ ᠤᠨ ᠵᠠᠮ ᠢ ᠬᠠᠮᠠᠭᠠᠯᠠᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠶ᠋ᠴᠡᠳᠬᠡᠵᠦ᠂ ᠬᠠᠷᠠᠯᠲᠠ ᠨᠢᠭᠡᠳᠦᠯᠲᠡᠶ᠂ ᠡᠭᠦᠷᠭᠡ ᠬᠠᠮᠵᠢᠯᠴᠠᠭᠰᠠᠨ᠂ ᠠᠷᠭ᠎ᠠ ᠬᠡᠮᠵᠢᠶ᠎ᠡ ᠵᠣᠯᠭᠠᠯᠳᠤᠭᠰᠠᠨ᠂ ᠠᠵᠢᠯᠯᠠᠭ᠎ᠠ ᠵᠡᠷᠭᠡ ᠪᠠᠷ ᠭᠤᠤᠯ ᠮᠥᠷᠡᠨ ᠤ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠤᠨ ᠪᠠᠶᠢᠷᠢᠰᠢᠯ ᠢ ᠪᠠᠶᠢᠭᠤᠯᠬᠤ ᠬᠡᠷᠡᠭᠲᠡᠶ᠃ ᠭᠤᠣᠯ ᠤᠨ ᠵᠠᠮ ᠢ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠪᠠᠶᠢᠭᠤᠯᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠮᠠᠯᠲᠠᠬᠤ ᠵᠡᠷᠭᠡ ᠭᠤᠣᠯ ᠤᠨ ᠵᠠᠮ ᠤᠨ ᠡᠷᠡᠭᠦᠯ ᠮᠡᠨᠳᠦ ᠠᠮᠢ ᠠᠬᠤᠢ ᠶᠢ ᠬᠤᠬᠢᠷᠠᠭᠤᠯᠤᠭᠰᠠᠨ ᠳᠤᠪᠤᠶᠢᠮ᠎ᠠ ᠠᠰᠠᠭᠤᠳᠠᠯ ᠢ ᠪᠠᠶᠢᠩᠭᠤᠵᠢᠭᠤᠯᠤᠨ ᠴᠡᠭᠴᠡᠯᠡᠨ ᠵᠠᠰᠠᠵᠤ᠂ ᠤᠷᠢᠳᠴᠢᠯᠠᠨ ᠮᠠᠭᠠᠳᠯᠠᠬᠤ ᠪᠠ ᠬᠢᠨᠠᠨ ᠬᠠᠮᠢᠶᠠᠷᠬᠤ ᠪᠠᠨ ᠲᠠᠰᠤᠷᠠᠯᠲᠠ ᠦᠭᠡᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠢ ᠡᠵᠡᠯᠡᠭᠰᠡᠨ ᠠᠰᠠᠭᠤᠳᠠᠯ ᠢ ᠲᠦᠷᠭᠡᠨ ᠳᠠᠭᠠᠵᠤ᠂ ᠡᠷᠲᠡ ᠢᠯᠡᠷᠡᠭᠦᠯᠵᠦ᠂ ᠡᠷᠲᠡ ᠬᠤᠷᠢᠭᠯᠠᠵᠤ᠂ ᠡᠷᠲᠡ ᠰᠢᠢᠳᠪᠦᠷᠢᠯᠡᠵᠦ᠂ ᠭᠤᠣᠯ ᠤᠨ ᠵᠠᠮ ᠢ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠥᠷᠭᠡᠨ ᠣᠯᠠᠨ ᠲᠦᠮᠡᠨ ᠢ ᠶᠡᠬᠡᠪᠡᠷ ᠳᠠᠶᠢᠴᠢᠯᠠᠨ ᠭᠤᠤᠯ ᠤᠨ ᠵᠠᠮ ᠢ ᠴᠡᠭᠴᠡᠯᠡᠨ ᠵᠠᠰᠠᠬᠤ ᠠᠵᠢᠯ ᠳᠤ ᠢᠳᠡᠪᠬᠢᠲᠡᠶ ᠣᠷᠣᠯᠴᠠᠭᠤᠯᠵᠤ᠂ ᠠᠵᠢᠯ ᠤᠨ ᠬᠠᠷᠢᠭᠤᠴᠠᠯᠭ᠎ᠠ ᠲᠠᠢ᠂ ᠠᠵᠢᠯ ᠤᠨ ᠠᠷᠭ᠎ᠠ ᠲᠠᠢ᠂ ᠠᠵᠢᠯ ᠤᠨ ᠦᠷ᠎ᠡ ᠪᠦᠲᠦᠮᠵᠢ ᠲᠠᠢ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠪᠠᠳᠤᠯᠠᠪᠠ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号