5 ᠰᠠᠷ᠎ᠠ ᠶᠢᠨ 30 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠠᠩ ᡁᠢ ᠯᠸᠢ ᠭᠦᠬᠤᠰᠣ | ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 137 ᠳ᠋ᠤᠭᠠᠷ ᠤᠳᠠᠭᠠᠨ ᠤ ︵ᠥᠷᠭᠡᠳᠬᠡᠭᠰᠡᠨ︶ | ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ ᠪᠥᠬᠦ ᠤᠯᠤᠰ ᠤᠨ | ᠠᠵᠢᠯᠴᠢᠨ ᠤ ᠶᠡᠷᠦᠩᠬᠡᠶ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ᠪᠥᠬᠦ ᠤᠯᠤᠰ ᠤᠨ | ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠶᠢᠨ ᠪᠦᠬᠦ | ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠵᠢᠴᠢ ᠪᠦᠬᠦ | ᠤᠯᠤᠰ ᠤᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠳᠠᠨ ᠢ ᠬᠥᠬᠢᠭᠦᠯᠦᠨ ᠰᠠᠶᠢᠰᠢᠶᠠᠬᠤ ᠶᠡᠭᠡ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ | ᠲᠦᠷᠦ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ | ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭᠠᠨ ᠤ ᠤᠬᠠᠭᠤᠯᠭ᠎ᠠ ᠬᠥᠮᠦᠵᠢᠯ ᠢ | ᠦᠷᠭᠦᠯᠵᠢᠯᠡᠨ ᠭᠦᠨᠵᠡᠭᠡᠶᠢᠷᠡᠭᠦᠯᠵᠦ᠂ ᠬᠥᠳᠡᠯᠮᠦᠷᠢ ᠶᠢ ᠬᠦᠨᠳᠦᠳᠬᠡᠬᠦ᠂ ᠮᠡᠳᠡᠯᠭᠡ ᠶᠢ ᠬᠦᠨᠳᠦᠳᠬᠡᠬᠦ᠂ | ᠴᠢᠳᠠᠪᠤᠷᠢᠲᠠᠨ ᠢ ᠬᠦᠨᠳᠦᠳᠬᠡᠬᠦ᠂ ᠡᠭᠦᠳᠦᠨ ᠪᠦᠲᠦᠭᠡᠬᠦ ᠶᠢ ᠬᠦᠨᠳᠦᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ | ᠪᠤᠢ ᠪᠣᠯᠭᠠᠬᠤ ᠬᠡᠷᠡᠭᠲᠡᠢ︔ ᠦᠢᠯᠡᠴᠢᠯᠡᠬᠦ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠠᠵᠢᠯᠳᠠᠨ ᠠᠵᠢᠯᠴᠢᠨ ᠢ | ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠠᠵᠢᠯᠳᠠᠨ ᠠᠵᠢᠯᠴᠢᠨ ᠲᠠᠢ | ᠬᠠᠷᠢᠯᠴᠠᠬᠤ ᠰᠡᠳᠬᠢᠯ ᠵᠢᠷᠦᠬᠡ ᠪᠠᠨ ᠬᠤᠯᠪᠣᠬᠤ ᠬᠥᠭᠦᠷᠭᠡ ᠶᠢ ᠰᠡᠳᠬᠢᠯ ᠲᠠᠯᠪᠢᠨ ᠬᠦᠴᠦ ᠲᠠᠯᠪᠢᠨ ᠰᠢᠢᠳᠪᠦᠷᠢᠯᠡᠬᠦ | ᠬᠡᠷᠡᠭᠲᠡᠢ︔ ᠵᠢᠱᠢᠶ᠎ᠡ ᠦᠵᠡᠭᠦᠯᠦᠨ ᠳᠠᠶᠢᠴᠢᠯᠠᠬᠤ ᠶᠢ ᠪᠠᠷᠢᠮᠲᠠᠯᠠᠵᠤ᠂ ᠬᠥᠳᠡᠯᠮᠦᠷᠢ ᠶᠢᠨ ᠵᠢᠱᠢᠶᠡᠴᠢ ᠶᠢᠨ ᠤᠷᠠᠨ | ᠳᠠᠷᠬᠠᠨ ᠤ ᠲᠡᠮᠡᠴᠡᠯ ᠤᠨ ᠦᠯᠢᠭᠡᠷ ᠢ ᠭᠦᠨᠵᠡᠭᠡᠢ ᠰᠠᠶᠢᠲᠤᠷ ᠶᠠᠷᠢᠵᠤ᠂ ᠬᠥᠳᠡᠯᠮᠦᠷᠢ ᠶᠢᠨ ᠬᠥᠮᠦᠵᠢᠯ ᠤᠨ | ᠦᠢᠯᠡᠳᠦᠯᠭᠡ ᠶᠢ ᠥᠷᠭᠡᠨ ᠢᠶᠠᠷ ᠥᠷᠨᠢᠭᠦᠯᠵᠦ᠂ ᠪᠦᠬᠦ ᠪᠠᠯᠭᠠᠰᠤᠨ ᠤ ᠠᠵᠢᠯᠳᠠᠨ ᠠᠵᠢᠯᠴᠢᠨ ᠤ ᠡᠵᠡᠨ ᠬᠥᠮᠦᠨ ᠤ | ᠳᠦᠷᠰᠦ ᠪᠠᠶᠢᠳᠠᠯ ᠢᠶᠠᠷ ᠴᠢᠨᠠᠷ ᠰᠠᠶᠢᠲᠠᠢ ᠬᠥᠭᠵᠢᠯᠲᠡ ᠶᠢᠨ ᠭᠤᠣᠯ ᠲᠠᠶᠢᠨ ᠤ ᠲᠠᠯᠠᠪᠤᠷ ᠲᠤ ᠣᠷᠣᠯᠴᠠᠬᠤ ᠶᠢ | ᠵᠣᠷᠢᠭᠵᠢᠭᠤᠯᠬᠤ ᠬᠡᠷᠡᠭᠲᠡᠢ᠃ | ᠬᠤᠷᠠᠯ ᠠᠴᠠ ᠪᠠᠰᠠ ᠲᠥᠪ ᠬᠤᠷᠢᠶᠠᠨ ᠤ ᠳᠠᠪᠬᠤᠷᠭ᠎ᠠ ᠠᠴᠠ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠶ ᠠᠩᠭᠢ᠂ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠯᠪᠠᠨ ᠲᠢᠩᠬᠢᠮ ᠤᠨ ᠾᠧᠨᠠᠨ ᠮᠤᠵᠢ ᠶᠢᠨ ᠰᠢᠨ ᠶᠠᠩ ᠬᠤᠲᠠ᠂ | ᠯᠦᠸᠧ ᠱᠠᠨ ᠰᠢᠶᠠᠨ ᠤ 10 ᠺᠠᠳ᠋ᠷ ᠰᠤᠷᠤᠯᠴᠠᠯᠭ᠎ᠠ ᠬᠥᠮᠦᠵᠢᠯ ᠤᠨ ᠬᠤᠭᠤᠴᠠᠭᠠᠨ ᠳᠤ ᠲᠣᠭᠲᠠᠭᠠᠯ ᠠᠴᠠ ᠵᠥᠷᠢᠴᠡᠨ | ᠢᠳᠡᠵᠦ ᠤᠤᠭᠤᠭᠰᠠᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠦᠨᠳᠦ ᠨᠣᠴᠢᠲᠠᠶ ᠵᠥᠷᠢᠴᠡᠭᠰᠡᠨ | ᠠᠰᠠᠭᠤᠳᠠᠯ ᠤᠨ ᠲᠤᠬᠠᠶ ᠵᠠᠷᠯᠠᠯ ᠢ ᠤᠯᠠᠮᠵᠢᠯᠠᠵᠤ᠂ ᠪᠥᠬᠦ ᠺᠠᠳ᠋ᠷ ᠬᠡᠷᠡᠭ ᠢᠶᠠᠷ ᠲᠣᠯᠢ ᠪᠣᠯᠭᠠᠵᠤ᠂ ᠲᠣᠰ ᠪᠡᠶ᠎ᠡ ᠶᠢᠨ | ᠠᠰᠠᠭᠤᠳᠠᠯ ᠢᠶᠠᠨ ᠭᠦᠨᠵᠡᠭᠡᠶ ᠪᠠᠶᠢᠴᠠᠭᠠᠨ ᠳᠡᠯᠭᠡᠵᠦ᠂ ᠴᠠᠭ ᠢᠮᠠᠭᠲᠠ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠰᠡᠳᠬᠢᠯ ᠳᠡᠭᠡᠨ | ᠵᠢᠷᠦᠬᠡᠰᠢᠶᠡᠯ ᠲᠠᠢ᠂ ᠬᠡᠯᠡᠬᠦ ᠳᠤ ᠴᠡᠭᠡᠷ ᠲᠠᠢ᠂ ᠬᠢᠬᠦ ᠳᠤ ᠬᠤᠷᠢᠭ᠎ᠠ ᠲᠠᠢ ᠪᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃ | ᠡᠳᠦᠷ ᠲᠤᠲᠤᠮ ᠤᠨ ᠠᠵᠢᠯ ᠪᠠ ᠠᠮᠢᠳᠤᠷᠠᠯ ᠤᠨ ᠳᠤᠮᠳᠠ᠂ ᠨᠡᠶᠢᠭᠡᠮ ᠤᠨ ᠬᠠᠷᠢᠯᠴᠠᠭᠠᠨ ᠤ ᠬᠦᠷᠢᠶ᠎ᠡ᠂ | ᠠᠮᠢᠳᠤᠷᠠᠯ ᠤᠨ ᠬᠦᠷᠢᠶ᠎ᠡ ᠶᠢ ᠴᠡᠪᠡᠷᠰᠢᠭᠦᠯᠵᠦ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠡᠯ᠎ᠡ ᠵᠦᠢᠯ ᠤᠨ | ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠬᠤ ᠬᠡᠷᠡᠭᠲᠡᠶ᠃ ᠤᠳᠤᠷᠢᠳᠬᠤ ᠪᠠᠭ ᠤᠨ ᠪᠦᠷᠢᠯᠳᠦᠬᠦᠨ ︽ᠨᠢᠭᠡ | ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠦᠨᠡᠨ ᠬᠦ ᠭᠦᠢᠴᠡᠳᠬᠡᠵᠦ᠂ ᠺᠠᠳ᠋ᠷ ᠠᠵᠢᠯᠳᠠᠨ | ᠠᠵᠢᠯᠴᠢᠨ ᠤ ᠬᠥᠮᠦᠵᠢᠯ᠂ ᠬᠠᠮᠢᠶᠠᠷᠤᠯᠲᠠ ᠪᠠ ᠬᠢᠨᠠᠯᠲᠠ ᠶᠢ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠢᠳᠡᠵᠦ | ᠤᠤᠭᠤᠬᠤ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠵᠠᠯᠠᠷᠠᠭᠤᠯᠵᠤ᠂ ᠴᠢᠩᠭ᠎ᠠ ᠰᠢᠢᠳᠪᠦᠷᠢᠯᠡᠬᠦ ᠬᠡᠷᠡᠭᠲᠡᠢ᠂ | ᠶᠠᠭᠠᠬᠢᠭᠰᠠᠨ ᠴᠤ ᠢᠯᠳᠠᠷ ᠬᠠᠶᠠᠵᠤ ᠪᠣᠯᠬᠤ ᠦᠭᠡᠢ᠂ ᠠᠵᠢᠯ ᠤᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ | ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ | ᠬᠤᠷᠠᠯ ᠠᠴᠠ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭ᠎ᠠ ᠣᠶᠢᠷᠠᠳᠴᠤ | ᠪᠠᠶᠢᠭ᠎ᠠ ᠪᠥᠭᠡᠳ ᠦᠶᠡᠷ ᠤᠨ ᠬᠤᠭᠤᠴᠠᠭᠠᠨ ᠳᠤ ᠳᠠᠪᠬᠤᠴᠠᠵᠤ᠂ ᠠᠮᠤᠷ ᠲᠦᠪᠰᠢᠨ ᠲᠣᠭᠲᠠᠭᠤᠨ ᠤ ᠠᠵᠢᠯ ᠳᠤ | ᠬᠠᠲᠠᠭᠤ ᠴᠢᠩᠭ᠎ᠠ ᠥᠷᠢᠰᠥᠯᠳᠦᠭᠡᠨ ᠲᠤᠯᠭᠠᠷᠠᠵᠤ ᠪᠠᠶᠢᠨ᠎ᠠ᠃ ᠬᠤᠷᠠᠯ ᠠᠴᠠ᠂ ᠪᠦᠬᠦ ᠪᠠᠯᠭᠠᠰᠤ ᠪᠠᠷ ᠢᠶᠠᠨ ᠶᠡᠷᠦᠩᠬᠡᠢ | ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ᠂ ᠠᠮᠤᠷ ᠲᠣᠭᠲᠠᠭᠤᠨ ᠪᠠᠶᠢᠬᠤ ᠲᠤᠬᠠᠢ ᠴᠢᠬᠤᠯᠠ | ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠬᠦᠨᠳᠦ ᠶᠡᠭᠡ ᠣᠨᠴᠠ ᠶᠡᠭᠡ ᠠᠳᠡᠯ ᠢ ᠡᠷᠡᠰ | ᠰᠡᠷᠭᠡᠶᠢᠯᠡᠵᠦ᠂ ᠵᠠᠮ ᠬᠠᠷᠢᠯᠴᠠᠭ᠎ᠠ᠂ ᠬᠥᠮᠦᠨ ᠠᠮᠠ ᠲᠥᠪᠯᠡᠷᠡᠭᠰᠡᠨ ᠲᠠᠯᠠᠪᠤᠷ ᠭᠠᠵᠠᠷ᠂ ᠪᠠᠷᠢᠯᠭ᠎ᠠ ᠶᠢᠨ ᠠᠵᠢᠯ᠂ ᠭᠠᠯ | ᠤᠨᠲᠠᠷᠠᠭᠠᠬᠤ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠵᠢᠴᠢ ᠪᠤᠰᠤᠳ ᠬᠦᠷᠢᠶᠡᠨ ᠤ ᠠᠮᠤᠷ ᠲᠦᠪᠰᠢᠨ ᠤ | ᠠᠵᠢᠯ ᠢ ᠦᠨᠡᠨᠬᠦ ᠰᠠᠶᠢᠲᠤᠷ ᠠᠳᠬᠤᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠶᠢ | ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ ᠢ | ᠴᠢᠩᠭᠠᠳᠬᠠᠵᠤ᠂ ᠤᠳᠤᠷᠢᠳᠤᠯᠭ᠎ᠠ ᠡᠭᠡᠯᠵᠢ ᠳᠠᠭᠠᠭᠤᠯᠬᠤ ᠪᠠ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠ ︽ᠶᠠᠪᠤᠳᠠᠯ | ᠪᠣᠯᠭᠠᠨ ᠳᠤ ᠳᠣᠲᠣᠷ᠎ᠠ ᠪᠠᠨ ᠦᠨᠳᠦᠰᠦᠨ ᠵᠦᠢᠯ ᠲᠠᠢ︾ ᠭᠡᠬᠦ ᠠᠵᠢᠯᠯᠠᠭᠠᠨ ᠤ ᠬᠥᠳᠡᠯᠭᠡᠬᠦ ᠬᠦᠴᠦᠨ ᠢᠶᠠᠷ ᠲᠠᠪᠤᠨ | ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠨ ᠠᠷᠭᠠᠴᠠᠬᠤ | ᠠᠵᠢᠯ ᠢ ᠪᠥᠬᠦ ᠬᠦᠴᠦᠨ ᠢᠶᠠᠷ ᠢᠶᠠᠨ ᠴᠢᠩᠭ᠎ᠠ ᠠᠳᠬᠤᠨ ᠪᠣᠳᠠᠲᠠᠶ ᠠᠳᠬᠤᠵᠤ᠂ ᠪᠥᠬᠦ ᠪᠠᠯᠭᠠᠰᠤᠨ ᠤ ᠠᠷᠠᠳ | ᠲᠦᠮᠡᠨ ᠤ ᠠᠮᠤᠷ ᠠᠮᠤᠭᠤᠯᠠᠩ ᠥᠯᠵᠡᠶ ᠪᠡᠯᠭᠡ ᠲᠠᠢ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠦᠨᠡᠨ ᠬᠦ | ᠪᠠᠲᠤᠯᠠᠬᠤ ᠬᠡᠷᠡᠭᠲᠡᠶ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |