2025 ᠣᠨ ᠤ 6 ᠰᠠᠷ᠎ᠠ ᠶᠢᠨ 3 ᠤ ᠡᠳᠦᠷ ᠤᠨ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠪᠠᠶᠢᠳᠠᠯ
ᠨᠡᠶᠢᠲᠡᠯᠡᠭᠰᠡᠨ ᠴᠠᠭ᠄
2025/6/4
      ᠪᠠᠢ ᠴᠦᠨ ᠯᠸᠢ᠄ ᠬᠤᠯᠪᠣᠭᠳᠠᠯ ᠪᠦᠬᠦᠢ ᠲᠣᠭᠤᠷᠢᠭ ᠤᠨ ᠳᠡᠳ᠋ ᠳᠠᠷᠤᠭ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠢ ᠰᠣᠨᠣᠰᠴᠤ᠂  ᠵᠠᠰᠠᠭ ᠤᠨ ᠣᠷᠳᠣᠨ ᠰᠢᠭᠦᠬᠦ ᠬᠤᠷᠢᠶ᠎ᠠ ᠬᠠᠮᠲᠤᠷᠠᠨ ᠬᠥᠳᠡᠯᠦᠯᠴᠡᠬᠦ ᠬᠠᠮᠲᠤᠷᠠᠭᠰᠠᠨ ᠬᠤᠷᠠᠯ ᠳᠤ ᠣᠷᠣᠯᠴᠠᠪᠠ᠃      ᠱᠢ ᠯᠢ ᠴᠢᠶᠠᠩ᠄ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠶᠡᠭᠡ ᠲᠢᠩᠬᠢᠮ ᠳᠤ ᠦᠬᠠᠢ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠢᠯᠲᠠᠨ ᠠᠵᠢᠯᠴᠢᠨ ᠢ  ᠬᠦᠯᠢᠶᠡᠨ ᠠᠭᠤᠯᠵᠠᠪᠠ᠃      ᠰᠢᠤ ᠹᠠᠩ᠄ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠪᠠ᠃      ᠯᠢᠦ ᠵᠢᠶᠠᠨ ᠫᠢᠩ᠄ ᠪᠦᠬᠦ ᠬᠤᠳᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠠᠷᠠᠭ ᠤᠨ ᠲᠣᠬᠢᠷᠠᠭᠤᠯᠤᠯᠲᠠ ᠶᠢᠨ ᠬᠤᠷᠠᠯ ᠳᠤ  ᠣᠷᠣᠯᠴᠠᠪᠠ᠃      ᠯᠢᠦ ᠲᠢᠶᠠᠨ ᠴᠢᠩ᠄ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃      ᠸᠠᠩ ᠶᠦᠩ ᠱᠧᠩ᠄  ᠪᠦᠬᠦ ᠡᠳᠦᠷ ᠠᠭᠤᠷᠬᠠᠢ ᠶᠢᠨ ᠵᠠᠰᠠᠯᠲᠠ ᠶᠢ  ᠪᠠᠶᠢᠴᠠᠭᠠᠪᠠ᠃      ᠵᠠᠩ ᠨᠢᠩ ᠄  ᠡᠮᠨᠡᠯᠭᠡ ᠶᠢᠨ ᠬᠤᠷᠢᠶᠠᠨ ᠤ ᠭᠠᠯ ᠤᠨᠲᠠᠷᠠᠭᠠᠬᠤ ᠠᠰᠠᠭᠤᠳᠠᠯ ᠢ ᠴᠡᠭᠴᠡᠯᠡᠨ ᠰᠠᠢᠵᠢᠷᠠᠭᠤᠯᠬᠤ ᠠᠵᠢᠯ ᠢ ᠪᠠᠢᠴᠠᠭᠠᠨ ᠰᠤᠳᠤᠯᠪᠠ᠃      ᠶᠠᠩ ᠽᠧ ᠢᠦᠢ᠄  ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号