ᠬᠠᠶᠢᠨᠠᠨ ᠲᠣᠭᠤᠷᠢᠭ ᠤᠨ  ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2025/6/5
      ᠨᠢᠭᠡ᠂ ᠪᠠᠶᠢᠭᠤᠯᠭ᠎ᠠ ᠶᠢᠨ ᠡᠭᠦᠷᠭᠡ ᠴᠢᠳᠠᠪᠤᠷᠢ         ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠣᠯ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠂ ᠵᠢᠩᠬᠢᠨᠢ ᠰᠠᠯᠠᠭᠠᠨ ᠤ ᠲᠠᠰ᠂ ᠭᠤᠤᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠠᠵᠢᠯ ᠤᠨ ᠭᠤᠣᠯ ᠰᠢᠵᠢᠮ ᠪᠣᠯᠭᠠᠵᠤ᠂ ᠠᠵᠢᠯ ᠤᠨ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠤᠨ᠎ᠠ᠃      ︵ᠬᠤᠶᠠᠷ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠦᠬᠠᠶ ᠬᠤᠲᠠ ᠶᠢᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢᠨ ᠲᠤᠬᠠᠶ ᠪᠠᠶᠢᠯᠳᠤᠬᠤ ᠪᠣᠳᠣᠯᠭ᠎ᠠ ᠪᠣᠯᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠵᠤ᠂ ᠪᠦᠬᠦ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠶ᠋ᠳᠪᠦᠷᠢᠯᠡᠵᠦ᠂ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠤᠯᠲᠠ ᠪᠣᠯᠤᠨ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠠᠬᠢᠭᠤᠯᠤᠨ᠎ᠠ᠃     ︵ᠭᠤᠷᠪᠠ︶ ᠪᠦᠬᠦ ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠬᠢᠨᠠᠨ ᠰᠢᠨᠵᠢᠵᠦ ᠵᠠᠳᠠᠯᠤᠨ᠂ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠵᠦ᠂ ᠲᠥᠰᠦᠭᠡᠯᠡᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢ ᠬᠥᠲᠥᠯᠥᠨ ᠵᠢᠯᠣᠭᠤᠳᠴᠤ᠂ ᠠᠵᠢᠯ ᠲᠥᠷᠥᠯ ᠤᠨ ᠠᠵᠢᠯᠯᠠᠭᠠᠨ ᠤ ᠬᠥᠭᠵᠢᠯᠲᠡ ᠶᠢᠨ ᠳᠤᠮᠳᠠᠬᠢ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠠᠵᠤ ᠦᠢᠯᠡᠳᠪᠦᠷᠢ ᠶᠢᠨ ᠠᠵᠢᠯᠯᠠᠭᠠᠨ ᠳᠠᠬᠢ ᠨᠡᠭᠦᠷᠡᠰᠦ ᠴᠠᠬᠢᠯᠭᠠᠨ ᠲᠣᠰᠣ ᠲᠡᠭᠡᠭᠡᠪᠦᠷᠢ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠵᠢᠯᠣᠭᠤᠳᠤᠨ᠎ᠠ᠃      ︵ᠲᠦᠷᠪᠡ︶ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠠ ᠴᠢᠭᠯᠡᠯ ᠢ ᠳᠤᠷᠠᠳᠤᠨ᠂ ᠡᠩ ᠤᠨ ᠴᠢᠨᠠᠷᠲᠠᠶ ᠮᠡᠷᠭᠡᠵᠢᠯ ᠤᠨ ᠥᠭᠡᠷᠡᠴᠢᠯᠡᠯᠲᠡ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠳᠠᠩᠰᠠᠯᠠᠭᠤᠯᠬᠤ ᠶᠢ ᠬᠠᠷᠢᠭᠤᠴᠠᠨ᠎ᠠ᠃ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠤ ᠦᠢᠯᠡᠰ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠯᠠᠭᠠᠨ ᠪᠠ ᠵᠣᠬᠢᠴᠠᠭᠤᠯᠭ᠎ᠠ ᠶᠢ ᠵᠢᠯᠣᠭᠤᠳᠤᠨ᠎ᠠ᠃      ︵ᠲᠠᠪᠤ︶ ᠬᠠᠶᠢᠨᠠᠨ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠪᠣᠯᠤᠨ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠳᠤᠷᠠᠳᠤᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠣᠨ ᠤ ᠬᠥᠭᠵᠢᠯᠲᠡ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠪᠠᠶᠢᠷᠢᠰᠢᠭᠤᠯᠤᠯᠲᠠ ᠶᠢᠨ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠨ ᠳᠠᠬᠢ ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠷᠢᠭᠤᠴᠠᠨ᠎ᠠ᠃ ᠳᠠᠪᠤᠰᠤᠨ ᠤ ᠦᠢᠯᠡᠰ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ  ᠲᠣᠭᠤᠷᠢᠭ ᠤᠨ ᠠᠷᠠᠳ ᠤᠨ ᠬᠡᠷᠡᠭᠴᠡᠭᠡᠨ ᠤ ᠳᠡᠯᠪᠡᠷᠡᠬᠦ ᠡᠳ᠋ ᠪᠣᠳᠠᠰ ᠤᠨ ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃      ︵ᠵᠢᠷᠭᠤᠭ᠎ᠠ︶ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢ ᠵᠢᠯᠣᠭᠤᠳᠤᠨ᠎ᠠ᠃ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢᠨ ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ ᠵᠦᠢᠯ ᠪᠣᠯᠤᠨ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠶᠢᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃      ︵ᠳᠤᠯᠤᠭ᠎ᠠ︶ ᠠᠵᠤ ᠦᠢᠯᠡᠳᠪᠦᠷᠢ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠬᠠᠷᠢᠯᠴᠠᠨ ᠤᠶᠠᠯᠳᠤᠭᠤᠯᠬᠤ ᠶᠢ ᠲᠦᠯᠬᠢᠨ ᠠᠬᠢᠭᠤᠯᠤᠨ᠎ᠠ᠃ ᠮᠡᠳᠡᠭᠡ ᠵᠠᠩᠭᠢᠵᠢᠯᠲᠠ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠲᠦᠷᠦᠯ ᠤᠨ ᠳᠡᠯᠭᠡᠷᠡᠭᠦᠯᠬᠦ ᠠᠵᠢᠯ ᠳᠤ ᠣᠷᠣᠯᠴᠠᠵᠤ᠂ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠠᠵᠤ ᠦᠢᠯᠡᠰᠵᠢᠭᠦᠯᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠢᠯ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠪᠠ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ ᠶᠢ ᠵᠢᠯᠣᠭᠤᠳᠤᠨ᠎ᠠ᠃      ︵ᠨᠠᠢᠮᠠ︶ ᠲᠣᠨᠤᠭ ᠲᠥᠬᠦᠭᠡᠷᠦᠮᠵᠢ ᠦᠶ᠋ᠯᠡᠳᠬᠦ ᠦᠢᠯᠡᠰ ᠢ ᠬᠥᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠬᠥᠭᠵᠢᠯᠲᠡ ᠪᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠭᠤᠤᠯᠳᠠᠯᠭ᠎ᠠ ᠲᠠᠢ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠲᠦᠰᠢᠭᠯᠡᠨ ᠬᠤᠯᠪᠣᠭᠳᠠᠯ ᠪᠥᠬᠦᠶ ᠴᠢᠬᠤᠯᠠ ᠶᠡᠭᠡ ᠲᠤᠰᠬᠠᠶ ᠵᠦᠢᠯ ᠤᠨ ᠬᠡᠷᠡᠭᠵᠢᠭᠦᠯᠦᠯᠲᠡ ᠶᠢ ᠵᠣᠬᠢᠴᠠᠭᠤᠯᠵᠤ᠂ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠤᠯᠤᠰ ᠤᠨ ᠠᠵᠤ ᠦᠢᠯᠡᠳᠪᠦᠷᠢᠵᠢᠭᠦᠯᠬᠦ ᠶᠢ ᠠᠬᠢᠭᠤᠯᠤᠨ᠂ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠣᠷᠣᠭᠤᠯᠤᠨ ᠠᠪᠴᠢᠷᠠᠬᠤ ᠶᠢ ᠵᠢᠯᠣᠭᠤᠳᠤᠨ ᠰᠢᠨ᠎ᠡ ᠶᠢ ᠡᠭᠦᠳᠴᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃      ︵ᠶᠢᠰᠦ︶ ᠠᠵᠤ ᠦᠢᠯᠡᠳᠪᠦᠷᠢ ᠶᠢᠨ ᠬᠦᠷᠢᠶᠡᠨ ᠤ ᠮᠡᠳᠡᠭᠡ ᠵᠠᠩᠭᠢᠵᠢᠯᠲᠠ ᠶᠢᠨ ᠠᠵᠢᠯ ᠢ ᠵᠢᠯᠣᠭᠤᠳᠤᠨ᠎ᠠ᠃ ᠮᠡᠳᠡᠭᠡ ᠵᠠᠩᠭᠢᠵᠢᠯᠲᠠ ᠪᠠ ᠠᠵᠤ ᠦᠢᠯᠡᠳ᠋ᠪᠦᠷᠢᠵᠢᠯᠲᠡ ᠶᠢᠨ ᠨᠡᠶᠢᠯᠡᠯ ᠬᠥᠭᠵᠢᠯᠲᠡ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠵᠥᠭᠡᠯᠡᠨ ᠲᠤᠨᠤᠭ ᠤᠨ ᠦᠢᠯᠡᠰ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠠᠵᠤ ᠦᠶ᠋ᠯᠡᠳᠪᠦᠷᠢ ᠶᠢᠨ ᠡᠵᠡᠮᠰᠢᠯ ᠤᠨ ᠰᠢᠰᠲ᠋ᠧᠮ ᠤᠨ ᠲᠤᠤᠷ ᠰᠦ᠋ᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠦ᠋ᠪᠰᠢᠨ ᠢ ᠬᠠᠷᠢᠬᠤᠴᠠᠨ᠎ᠠ᠃      ︵ᠠᠷᠪᠠ︶ ᠳᠤᠮᠳᠠ ᠵᠢᠵᠢᠭ ᠠᠵᠤ ᠠᠬᠤᠶᠢᠯᠠᠯ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ᠬᠤᠷᠸ᠎ᠠ ᠵᠢᠯᠣᠭᠤᠳᠣᠯᠭ᠎ᠠ ᠶᠢ ᠬᠠᠷᠢᠭᠤᠴᠠᠨ᠎ᠠ᠃      ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ      ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠳᠣᠤᠷᠠᠬᠢ ᠮᠡᠲᠦ ᠳᠣᠲᠣᠭᠠᠳᠤ ᠪᠠᠶᠢᠭᠤᠯᠤᠮᠵᠢ ᠲᠣᠬᠢᠷᠠᠭᠤᠯᠪᠠ᠄      ᠠᠵᠤ ᠠᠬᠤᠢ ᠶᠢᠨ ᠠᠵᠢᠯᠯᠠᠬᠠᠨ ᠤ ᠰᠲ᠋ᠤᠺ᠃ ᠪᠦᠬᠦ ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠬᠢᠨᠠᠨ ᠰᠢᠨᠵᠢᠵᠦ ᠵᠠᠳᠠᠯᠤᠨ᠂ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠵᠦ᠂ ᠲᠥᠰᠦᠭᠡᠯᠡᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢ ᠬᠥᠲᠥᠯᠥᠨ ᠵᠢᠯᠣᠭᠤᠳᠴᠤ᠂ ᠠᠵᠢᠯ ᠲᠥᠷᠥᠯ ᠤᠨ ᠠᠵᠢᠯᠯᠠᠭᠠᠨ ᠤ ᠬᠥᠭᠵᠢᠯᠲᠡ ᠶᠢᠨ ᠳᠤᠮᠳᠠᠬᠢ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠠᠵᠤ ᠦᠢᠯᠡᠳᠪᠦᠷᠢ ᠶᠢᠨ ᠠᠵᠢᠯᠯᠠᠭᠠᠨ ᠳᠠᠬᠢ ᠨᠡᠭᠦᠷᠡᠰᠦ ᠴᠠᠬᠢᠯᠭᠠᠨ ᠲᠣᠰᠣ ᠲᠡᠭᠡᠭᠡᠪᠦᠷᠢ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃      ᠭᠤᠷᠪᠠ᠂ ᠠᠵᠢᠯᠯᠠᠬᠤ ᠭᠠᠵᠠᠷ ᠵᠢᠴᠢ ᠰᠢᠤᠳᠠᠨ ᠨᠣᠮᠧᠷ᠄ ᠦᠬᠠᠶ ᠬᠤᠲᠠ ᠶᠢᠨ ᠬᠠᠶᠢᠨᠠᠨ ᠲᠣᠭᠤᠷᠢᠭ ᠤᠨ  ᠪᠠᠶᠠᠨ ᠣᠰᠣ ᠵᠡᠭᠡᠯᠢ ᠬᠢᠭᠡᠳ ᠠᠭᠤᠳᠠᠮ ᠲᠠᠯᠠᠪᠠᠶ ᠶᠢᠨ ᠵᠠᠮ ᠤᠨ ᠠᠭᠤᠯᠵᠠᠷ ︵ᠤᠤᠯ ᠤᠨ ᠬᠠᠭᠤᠴᠢᠨ ᠰᠢᠭᠦᠬᠦ ᠬᠤᠷᠢᠶ᠎ᠠ︶ ᠤᠨ 113 ᠠᠯᠪᠠᠨ ᠭᠡᠷ ᠰᠢᠦᠳᠠᠨ ᠨᠣᠮᠧᠷ᠄ 016030᠃       ᠳᠥᠷᠪᠡ᠂ ᠠᠵᠢᠯᠯᠠᠬᠤ ᠴᠠᠭ᠄ ᠦᠳᠡ ᠶᠢᠨ ᠡᠮᠦᠨ᠎ᠡ᠄ 9᠄ 00 - 12᠄ 00 ᠦᠳᠡ ᠶᠢᠨ ᠬᠤᠶᠢᠨ᠎ᠠ᠄ 2᠄ 30 - 5᠄ 30 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠬᠦᠷᠲᠡᠯ᠎ᠡ᠂ ᠬᠠᠤᠯᠢ ᠪᠠᠷ ᠲᠣᠭᠲᠠᠭᠠᠭᠰᠠᠨ ᠠᠮᠠᠷᠠᠯᠲᠠ ᠶᠢᠨ ᠡᠳᠦᠷ ᠠᠴᠠ ᠭᠠᠳᠠᠨ᠎ᠠ︶      ᠲᠠᠪᠤ᠂ ᠬᠠᠷᠢᠯᠴᠠᠬᠤ ᠤᠲᠠᠰᠤ᠄ 0473-40230850473-4021208      ᠵᠢᠷᠭᠤᠭ᠎ᠠ᠂ ᠬᠠᠷᠢᠭᠤᠴᠠᠯᠭᠠᠲᠠᠨ ᠤ ᠣᠪᠣᠭ ᠨᠡᠷ᠎ᠡ᠄ ᠰᠦᠨ ᠲᠢᠶᠧ ᠵᠢᠶᠦ᠋ᠨ      ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ ᠤ ᠬᠠᠷᠢᠶ᠎ᠠ ᠠᠵᠢᠯ ᠦᠢᠯᠡᠰ ᠤᠨ ᠨᠢᠭᠡᠴᠢ      ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠦᠭᠵᠢᠯᠲᠡ ᠶᠢᠨ ᠪᠠᠲᠤᠯᠠᠭ᠎ᠠ ᠶᠢᠨ ᠲᠦᠪ      ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠪᠠᠲᠤᠯᠠᠭ᠎ᠠ ᠶᠢᠨ ᠲᠥᠪ ᠪᠣᠯ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠠᠷᠢᠶ᠎ᠠ ᠰᠲ᠋ᠣᠺ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠤᠨ᠎ᠠ᠃      ᠨᠢᠭᠡ᠂ ᠭᠤᠣᠯ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ      1. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠣᠷᠣᠨ ᠤ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠪᠠᠲᠤᠯᠠᠭ᠎ᠠ ᠶᠢᠨ ᠲᠥᠪ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠶᠢᠨ ᠬᠠᠩᠭᠠᠯᠭ᠎ᠠ ᠬᠢᠭᠡᠳ ᠠᠰᠢᠭᠯᠠᠯᠲᠠ ᠶᠢᠨ ᠪᠠᠶᠢᠳᠠᠯ ᠢ ᠬᠠᠤᠯᠢ ᠶᠣᠰᠣᠭᠠᠷ ᠬᠢᠨᠠᠨ ᠪᠠᠶᠢᠴᠠᠭᠠᠬᠤ᠂ ᠬᠢᠨᠠᠨ ᠬᠠᠷᠭᠤᠭᠤᠯᠵᠤ ᠬᠠᠮᠢᠶᠠᠷᠬᠤ ᠶᠢᠨ ᠬᠠᠮᠢᠶ᠎ᠠ ᠪᠦᠬᠦᠢ ᠲᠤᠰᠠᠯᠠᠬᠤ ᠴᠢᠨᠠᠷᠲᠠᠶ ᠠᠵᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠵᠡᠷᠭᠡ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠵᠢᠴᠢ ᠲᠤᠰ ᠪᠡᠶ᠎ᠡ ᠶᠢᠨ ᠪᠠᠶᠢᠭᠤᠯᠤᠯᠲᠠ ᠶᠢᠨ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠤᠱᠯᠠᠭᠤᠯᠤᠨ᠎ᠠ᠃      2. ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠡᠯ᠎ᠡ ᠲᠥᠷᠥᠯ ᠤᠨ ᠠᠶᠤᠯ ᠲᠦᠭᠰᠢᠭᠦᠷᠢ ᠪᠠ ᠥᠷᠢᠰᠥᠯᠳᠦᠭᠡᠨ ᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠶ ᠬᠥᠭᠵᠢᠯᠲᠡ ᠪᠠ ᠥᠨᠳᠥᠷ ᠬᠢᠷᠢ ᠲᠦᠪᠰᠢᠨ ᠪᠥᠬᠦᠶ ᠠᠮᠤᠷ ᠲᠦᠪᠰᠢᠨ ᠤ ᠰᠠᠶᠢᠨ ᠰᠠᠶᠢᠬᠠᠨ ᠦᠢᠯᠡᠳᠦᠯᠴᠡᠯ ᠢ ᠪᠡᠶᠡᠯᠡᠭᠦᠯᠦᠨ᠎ᠡ᠃      3. ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠭᠤᠯᠤᠯ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ᠂ ᠠᠵᠤ ᠠᠬᠤᠶᠢᠯᠠᠯ ᠤᠨ ᠣᠨᠣᠰᠢᠯᠠᠯᠲᠠ᠂ ᠬᠠᠮᠢᠶᠠᠷᠤᠯᠲᠠ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠢ  ᠰᠠᠶᠢᠵᠢᠷᠠᠭᠤᠯᠬᠤ ᠵᠡᠷᠭᠡ  ᠲᠠᠯ᠎ᠠ ᠶᠢᠨ  ᠠᠵᠢᠯ  ᠢ ᠥᠷᠨᠢᠭᠦᠯᠦᠨ᠎ᠡ᠃      4. ᠠᠵᠤ ᠠᠬᠤᠶᠢᠯᠠᠯ ᠬᠢᠭᠡᠳ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠬᠤᠭᠤᠷᠣᠨᠳᠣᠬᠢ ᠰᠣᠯᠢᠯᠴᠠᠭ᠎ᠠ ᠬᠢᠭᠡᠳ ᠬᠠᠮᠲᠤᠷᠠᠯᠴᠠᠭ᠎ᠠ ᠵᠡᠷᠭᠡ ᠲᠤᠰᠠᠯᠠᠬᠤ ᠴᠢᠨᠠᠷᠲᠠᠶ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ᠂ ︽ᠦᠢᠯᠡᠳᠪᠦᠷᠢᠯᠡᠬᠦ - ᠰᠤᠳᠤᠯᠬᠤ - ᠬᠡᠷᠡᠭᠯᠡᠬᠦ︾ ᠰᠢᠨ᠎ᠡ ᠶᠢ ᠡᠭᠦᠳᠬᠦ ᠰᠢᠰᠲ᠋ᠧᠮᠵᠢ ᠶᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ ᠰᠣᠯᠢᠯᠴᠠᠬᠤ᠂ ᠰᠢᠨᠵᠢᠯᠡᠬᠦ ᠤᠬᠠᠭᠠᠨ ᠮᠡᠷᠭᠡᠵᠢᠯ ᠴᠡᠷᠢᠭ ᠠᠷᠠᠳ ᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠬᠠᠮᠢᠶ᠎ᠠ ᠪᠦᠬᠦᠢ ᠲᠤᠰᠠᠯᠠᠬᠤ ᠠᠵᠢᠯ ᠢ ᠬᠠᠷᠢᠭᠤᠴᠠᠨ᠎ᠠ᠃      5. ︽12 396 ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠴᠢ︾ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠲᠠᠪᠴᠠᠩ ᠢ ᠠᠰᠢᠭᠯᠠᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠳᠤ ᠬᠠᠨᠳᠤᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠥᠷᠨᠢᠭᠦᠯᠬᠦ ᠶᠢ ᠬᠠᠷᠢᠭᠤᠴᠠᠨ᠎ᠠ᠃      6᠂ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠶᠢᠨ ᠬᠠᠩᠭᠠᠯᠭ᠎ᠠ ᠬᠢᠭᠡᠳ ᠠᠰᠢᠭᠯᠠᠯᠲᠠ ᠶᠢᠨ ᠪᠠᠶᠢᠳᠠᠯ ᠢ ᠬᠠᠤᠯᠢ ᠶᠣᠰᠣᠭᠠᠷ ᠬᠢᠨᠠᠨ ᠪᠠᠶᠢᠴᠠᠭᠠᠬᠤ᠂ ᠬᠢᠨᠠᠨ ᠬᠠᠷᠭᠤᠭᠤᠯᠬᠤ ᠬᠠᠮᠢᠶᠠᠷᠤᠯᠲᠠ ᠶᠢᠨ ᠬᠠᠮᠢᠶ᠎ᠠ ᠪᠦᠬᠦᠢ ᠲᠤᠰᠠᠯᠠᠬᠤ ᠴᠢᠨᠠᠷᠲᠠᠶ ᠠᠵᠢᠯ ᠢ ᠬᠠᠷᠢᠭᠤᠴᠠᠨ᠎ᠠ᠃      ᠳᠣᠯᠤᠭ᠎ᠠ᠂ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠡᠨᠧᠷᠭᠢ ᠠᠷᠪᠢᠯᠠᠬᠤ ᠶᠢᠨ ᠬᠢᠨᠠᠨ ᠪᠠᠶᠢᠴᠠᠭᠠᠬᠤ ᠬᠠᠮᠢᠶ᠎ᠠ ᠪᠦᠬᠦᠢ ᠲᠤᠰᠠᠯᠠᠬᠤ ᠴᠢᠨᠠᠷᠲᠠᠶ ᠠᠵᠢᠯ ᠢ ᠬᠠᠷᠢᠭᠤᠴᠠᠨ᠎ᠠ᠃      8. ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠬᠠᠮᠢᠶᠠᠷᠤᠯᠲᠠ ᠪᠠ ᠬᠢᠨᠠᠯᠲᠠ ᠲᠠᠯᠪᠢᠬᠤ ᠡᠩᠨᠡᠭᠡᠨ ᠤ ᠪᠠᠶᠢᠭᠤᠯᠤᠯᠲᠠ᠂ ᠡᠨᠧᠷᠭᠢ ᠶᠢᠨ ᠪᠦᠷᠢᠳᠬᠡᠯ᠂ ᠡᠨᠧᠷᠭᠢ ᠠᠷᠪᠢᠯᠠᠬᠤ ᠤᠬᠠᠭᠤᠯᠭ᠎ᠠ ᠬᠥᠮᠦᠵᠢᠯ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃      9. ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠬᠤᠶᠠᠷ᠂ ᠠᠵᠢᠯᠯᠠᠬᠤ ᠭᠠᠵᠠᠷ ᠵᠢᠴᠢ ᠰᠢᠤᠳᠠᠨ ᠨᠣᠮᠧᠷ᠄ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠪᠠᠶᠠᠨᠤᠰᠤ ᠵᠡᠭᠡᠯᠢ ᠬᠢᠭᠡᠳ ᠠᠭᠤᠳᠠᠮ ᠲᠠᠯᠠᠪᠠᠶ ᠶᠢᠨ ᠵᠠᠮ ᠤᠨ ᠠᠭᠤᠯᠵᠠᠷ ︵ᠤᠤᠯ ᠤᠨ ᠬᠠᠭᠤᠴᠢᠨ ᠰᠢᠭᠦᠬᠦ ᠬᠤᠷᠢᠶ᠎ᠠ︶ ᠤᠨ 113 ᠠᠯᠪᠠᠨ ᠭᠡᠷ ᠰᠢᠦᠳᠠᠨ ᠨᠣᠮᠧᠷ᠄ 016030᠃      ᠭᠤᠷᠪᠠ᠂ ᠠᠯᠪᠠᠯᠠᠬᠤ ᠴᠠᠭ᠄ ᠦᠳᠡ ᠶᠢᠨ ᠡᠮᠦᠨ᠎ᠡ 9᠄ 00 - 12᠄ 00 ᠦᠳᠡ ᠶᠢᠨ ᠬᠤᠶᠢᠨ᠎ᠠ᠄ 2᠄ 30 - 5᠄ 30 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠬᠦᠷᠲᠡᠯ᠎ᠡ᠂ ᠬᠠᠤᠯᠢ ᠪᠠᠷ ᠲᠣᠭᠲᠠᠭᠠᠭᠰᠠᠨ ᠠᠮᠠᠷᠠᠯᠲᠠ ᠶᠢᠨ ᠡᠳᠦᠷ ᠠᠴᠠ ᠭᠠᠳᠠᠨ᠎ᠠ︶      ᠳᠥᠷᠪᠡ᠂ ᠬᠠᠷᠢᠯᠴᠠᠬᠤ ᠤᠲᠠᠰᠤ᠄ 0473 - 40230850473 - 4021208    ᠲᠠᠪᠤ᠂ ᠬᠠᠷᠢᠭᠤᠴᠠᠯᠭᠠᠲᠠᠨ ᠤ ᠣᠪᠣᠭ ᠨᠡᠷ᠎ᠡ᠄ ᠰᠦᠨ ᠲᠢᠶᠧ ᠵᠢᠶᠦ᠋ᠨ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号