ᠪᠠᠢ ᠴᠦᠨ ᠯᠸᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠰᠢᠮᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2025/6/6
      6 ᠰᠠᠷ᠎ᠠ ᠶᠢᠨ 5 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠱᠠᠯᠠᠪᠳᠠᠭᠤᠯᠤᠨ ᠵᠢᠯᠣᠭᠤᠳᠪᠠ᠃ ᠲᠣᠭᠤᠷᠢᠭ ᠤᠨ ᠤᠳᠤᠷᠢᠳᠤᠯᠭ᠎ᠠ ᠰᠢᠤ ᠹᠠᠩ᠂ ᠸᠠᠩ ᠶᠦᠩ ᠱᠧᠩ᠂ ᠶᠠᠩ ᠽᠧ ᠢᠦᠢ ᠣᠷᠣᠯᠴᠠᠪᠠ᠃      ᠪᠡᠶ᠎ᠡ ᠲᠠᠮᠢᠷ ᠤᠨ ᠴᠡᠴᠡᠷᠯᠢᠭ᠂ ᠱᠧᠨ ᠬᠤᠸᠠ ᠪᠠᠭ᠎ᠠ ᠲᠣᠭᠤᠷᠢᠭ᠂ ᠷᠦ᠋ ᠢ ᠪᠠᠭ᠎ᠠ ᠲᠣᠭᠤᠷᠢᠭ᠂ ᠪᠢᠨ ᠾᠧ ᠪᠠᠭ᠎ᠠ ᠲᠣᠭᠤᠷᠢᠭ ᠵᠡᠷᠭᠡ ᠭᠠᠵᠠᠷ ᠲᠤ᠂ ᠪᠠᠢ ᠴᠦᠨ ᠯᠸᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠵᠤ᠂ ᠬᠤᠳᠠ ᠶᠢᠨ ᠴᠢᠳᠠᠪᠬᠢ ᠶᠢ ᠲᠡᠭᠦᠯᠳᠡᠷᠵᠢᠭᠦᠯᠬᠦ᠂ ᠬᠤᠳᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠬᠦ ᠴᠢᠬᠤᠯᠠ ᠭᠠᠷᠳᠠᠴᠠ ᠪᠣᠯᠤᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠣᠳᠣᠬᠠᠨ ᠤ ᠪᠠᠷᠢᠯᠭ᠎ᠠ ᠶᠢᠨ ᠠᠵᠢᠯ ᠤᠨ ᠰᠢᠵᠢᠷ ᠠᠯᠲᠠᠨ ᠬᠤᠭᠤᠴᠠᠭ᠎ᠠ ᠶᠢ ᠠᠳᠬᠤᠨ᠂ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠤᠷ᠎ᠠ᠂ ᠠᠷᠭ᠎ᠠ ᠪᠦᠬᠦᠨ ᠢ ᠰᠦᠪᠡᠭᠴᠢᠯᠡᠨ ᠳᠤᠯᠠᠭᠠᠯᠠᠭ᠎ᠠ ᠶᠢᠨ ᠢᠨᠵᠧᠨᠧᠷᠢᠩ᠂ ᠬᠤᠲᠠ ᠶᠢᠨ ᠲᠣᠭᠤᠷᠢᠭ ᠤᠨ ᠤᠰᠤ ᠲᠠᠲᠠᠷᠠᠭᠤᠯᠵᠤ ᠢᠯᠴᠢ ᠬᠠᠩᠭᠠᠬᠤ ᠪᠡᠯᠡᠳᠬᠡᠮᠵᠢ ᠪᠠ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠥᠷᠥᠯ ᠵᠦᠢᠯ ᠨᠢᠭᠡᠪᠦᠷᠢ ᠶᠢ ᠰᠣᠳᠣᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ᠂ ᠠᠷᠢᠭᠤᠨ ᠴᠢᠬᠡᠴᠢ ᠶᠢᠨ ᠢᠨᠵᠧᠨᠧᠷᠢᠩ᠂ ᠠᠮᠤᠷ ᠲᠦᠪᠰᠢᠨ ᠤ ᠢᠨᠵᠧᠨᠧᠷᠢᠩ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠬᠢᠭᠡᠳ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠵᠢᠭᠦᠯᠵᠦ᠂ ᠪᠠᠷᠢᠯᠭ᠎ᠠ ᠶᠢᠨ ᠠᠵᠢᠯ ᠤᠨ ᠰᠠᠭᠤᠭᠠᠯᠢ ᠠᠷᠠᠳ ᠤᠨ ᠠᠮᠢᠳᠤᠷᠠᠯ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠷᠠᠳ ᠤᠨ ᠰᠡᠳᠬᠢᠯ ᠤᠨ ᠢᠨᠵᠧᠨᠧᠷᠢᠩ ᠬᠢᠭᠡᠳ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠠᠮᠵᠢᠯᠴᠠᠭᠤᠯᠤᠨ ᠵᠡᠷᠭᠡ ᠪᠠᠷ ᠬᠥᠭᠵᠢᠭᠦᠯᠬᠦ ᠶᠢ ᠪᠡᠶᠡᠯᠡᠭᠦᠯᠬᠦ ᠬᠡᠷᠡᠭᠲᠡᠶ᠃ ᠠᠮᠤᠷ ᠲᠦᠪᠰᠢᠨ ᠤ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃      ᠲᠤᠰ ᠡᠳᠦᠷ ᠤᠨ ᠦᠳᠡ ᠶᠢᠨ ᠬᠤᠶᠢᠨ᠎ᠠ᠂ ᠪᠠᠢ ᠴᠦᠨ ᠯᠸᠢ ᠪᠠᠶᠠᠨᠲᠤᠬᠤᠢ ᠪᠠᠯᠭᠠᠰᠤᠨ ᠳᠤ ᠬᠦᠷᠴᠦ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠱᠠᠯᠠᠪᠳᠠᠭᠤᠯᠤᠨ ᠵᠢᠯᠣᠭᠤᠳᠪᠠ᠃ ᠲᠡᠷᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠯᠲᠠᠭᠠᠨ ᠢ ᠨᠠᠷᠢᠨ ᠬᠢᠨᠠᠮᠠᠭᠠᠢ ᠵᠠᠳᠠᠯᠵᠤ᠂ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠢ ᠡᠷᠢᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ᠂ ᠰᠢᠢᠳᠪᠦᠷᠢᠯᠡᠬᠦ ᠠᠬᠢᠴᠠ ᠶᠢ ᠲᠦᠷᠭᠡᠳᠬᠡᠨ ᠠᠬᠢᠭᠤᠯᠵᠤ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠣᠷᠴᠢᠨ ᠲᠣᠭᠤᠷᠢᠨ ᠤ ᠲᠤᠪᠤᠶᠢᠮ᠎ᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠪᠣᠳᠠᠲᠠᠢ ᠦᠷ᠎ᠡ ᠪᠦᠲᠦᠮᠵᠢ ᠪᠠᠷ ᠢᠶᠠᠨ ᠨᠡᠶᠢᠭᠡᠮ ᠤᠨ ᠠᠩᠬᠠᠷᠤᠯ ᠳᠤ ᠬᠠᠷᠢᠭᠤᠯᠲᠠ ᠥᠭᠬᠦ ᠬᠡᠷᠡᠭᠲᠡᠢ ᠭᠡᠵᠦ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号