ᠭᠦᠬᠤᠰᠣ ᠪᠠᠯᠭᠠᠰᠤ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ ᠦᠨᠳᠦᠰᠦᠨ ᠱᠠᠲᠤᠨ ᠤ ᠬᠡᠷᠡᠭ ᠵᠥᠪᠯᠡᠬᠦ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/9
      ᠤᠯᠠᠨ ᠲᠦᠮᠡᠨ ᠤ ᠳᠡᠷᠭᠡᠳᠡᠬᠢ ᠠᠮᠤᠷ ᠲᠦᠪᠰᠢᠨ ᠤ ᠬᠡᠮ ᠰᠣᠭᠤᠭ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ᠤᠯᠠᠨ ᠲᠦᠮᠡᠨ ᠤ ᠡᠪᠡᠷᠰᠢᠶᠡᠯ᠂ ᠲᠦᠭᠵᠢᠷᠡᠯ᠂ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠴᠢᠳᠠᠪᠤᠷᠢ ᠶᠢᠨ ᠳᠠᠪᠠᠭᠤᠯᠢᠭ ᠢ ᠵᠥᠪᠯᠡᠯᠭᠡ ᠬᠢᠵᠦ ᠠᠷᠠᠳ ᠲᠤ ᠠᠰᠢᠭ ᠬᠦᠷᠲᠡᠭᠡᠬᠦ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠪᠠ᠃ 6 ᠰᠠᠷ᠎ᠠ ᠶᠢᠨ 6 ᠤ ᠡᠳᠦᠷ᠂ ᠬᠦᠬᠤᠰᠤ ᠪᠠᠯᠭᠠᠰᠤ ᠬᠠᠷᠢᠶ᠎ᠠ ᠣᠷᠣᠨ ᠤ ᠨᠢᠰᠬᠡᠯ ᠢᠶᠠᠷ ᠴᠠᠬᠢᠯᠭᠠᠨ ᠴᠡᠨᠡᠭᠯᠡᠬᠦ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠵᠥᠪᠳᠡᠯᠴᠡᠨ ᠬᠡᠷᠡᠭ ᠵᠥᠪᠯᠡᠬᠦ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠡᠰᠡᠭ ᠬᠤᠲᠠ᠂ ᠲᠣᠭᠤᠷᠢᠭ ᠬᠤᠶᠠᠷ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠪᠠᠯᠭᠠᠰᠤᠨ ᠤ ᠠᠵᠤ ᠠᠬᠤᠶ ᠶᠢᠨ ᠬᠥᠭᠵᠢᠯᠲᠡ ᠪᠠ ᠪᠥᠲᠥᠭᠡᠨ ᠪᠠᠶᠢᠭᠤᠯᠤᠯᠲᠠ ᠶᠢᠨ ᠠᠯᠪᠠᠨ ᠬᠡᠷ᠂ ᠡᠯ᠎ᠡ ᠨᠡᠶᠢᠭᠡᠮ ᠲᠣᠭᠤᠷᠢᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠶᠠᠷᠢᠯᠴᠠᠬᠤ ᠬᠤᠷᠠᠯ ᠳᠡᠭᠡᠷ᠎ᠡ᠂ ᠪᠠᠯᠭᠠᠰᠤᠨ ᠤ ᠠᠵᠤ ᠠᠬᠤᠶ ᠶᠢᠨ ᠬᠥᠭᠵᠢᠯᠲᠡ ᠪᠠ ᠪᠥᠲᠥᠭᠡᠨ ᠪᠠᠶᠢᠭᠤᠯᠤᠯᠲᠠ ᠶᠢᠨ ᠠᠯᠪᠠᠨ ᠬᠡᠷ ᠤᠨ ᠬᠠᠷᠢᠭᠤᠴᠠᠯᠭᠠᠲᠠᠨ ᠡᠮᠦᠨᠡᠬᠢ ᠬᠤᠭᠤᠴᠠᠭᠠᠨ ᠤ ᠭᠦᠨᠵᠡᠭᠡᠶ ᠪᠠᠶᠢᠴᠠᠭᠠᠨ ᠰᠤᠳᠤᠯᠤᠯᠲᠠ ᠳᠤ ᠰᠠᠭᠤᠷᠢᠯᠠᠵᠤ᠂ ᠨᠠᠷᠢᠨ ᠪᠣᠳᠠᠲᠠᠶ ᠲᠤᠭ᠎ᠠ ᠪᠠᠷᠢᠮᠲᠠ ᠪᠠᠷ ᠤᠲᠠᠰᠤᠨ ᠳᠤ ᠴᠠᠬᠢᠯᠭᠠᠨ ᠴᠡᠨᠡᠭᠯᠡᠬᠦ ᠠᠰᠠᠭᠤᠳᠠᠯ ᠤᠨ ᠲᠤᠰᠬᠠᠶ ᠵᠠᠰᠠᠯᠲᠠ ᠶᠢᠨ ᠠᠵᠢᠯ ᠤᠨ ᠪᠠᠶᠢᠳᠠᠯ ᠢ ᠬᠠᠷᠢᠭᠤ ᠮᠡᠳᠡᠭᠦᠯᠵᠦ᠂ ᠵᠠᠰᠠᠯᠲᠠ ᠶᠢ ᠠᠬᠢᠭᠤᠯᠤᠭᠰᠠᠨ ᠣᠳᠣᠬᠢ ᠪᠠᠶᠢᠳᠠᠯ ᠢ ᠲᠣᠳᠣᠷᠬᠠᠶ ᠢᠯᠡᠷᠡᠭᠦᠯᠪᠡ᠃ ᠬᠤᠷᠠᠯ ᠳᠤ ᠣᠷᠣᠯᠴᠠᠭᠰᠠᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠥᠪᠡᠷ ᠥᠪᠡᠷ ᠤᠨ ᠰᠠᠨᠠᠯ ᠢᠶᠠᠨ ᠶᠠᠷᠢᠵᠤ᠂ ᠥᠪᠡᠷ ᠤᠨ ᠠᠵᠢᠯ ᠤᠨ ᠲᠤᠷᠰᠢᠯᠭ᠎ᠠ ᠲᠠᠢ ᠪᠠᠨ ᠤᠶᠠᠯᠳᠤᠭᠤᠯᠤᠨ ᠬᠠᠨᠳᠤᠯᠭᠠᠲᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠴᠤ᠂ ᠵᠥᠪᠯᠡᠬᠦ ᠰᠡᠳᠦᠪ ᠤᠨ ᠪᠣᠳᠠᠲᠠᠶ ᠬᠡᠷᠡᠭᠵᠢᠭᠦᠯᠦᠯᠲᠡ ᠳᠤ ᠬᠦᠴᠦᠲᠡᠶ ᠳᠡᠮᠵᠢᠯᠭᠡ ᠬᠠᠩᠭᠠᠪᠠ᠃      ᠳᠠᠷᠠᠭᠠᠴᠢ ᠶᠢᠨ ᠠᠯᠬᠤᠮ ᠳᠤ᠂ ᠭᠦᠬᠤᠰᠣ ᠪᠠᠯᠭᠠᠰᠤ ᠠᠷᠠᠳ ᠤᠨ ᠠᠮᠢᠳᠤᠷᠠᠯ ᠤᠨ ︽ᠪᠠᠭ᠎ᠠ ᠡᠭᠦᠳᠡ︾ ᠶᠢ ᠲᠣᠭᠲᠠᠭᠠᠵᠤ᠂ ᠠᠷᠠᠳ ᠤᠯᠠᠨ ᠤ ᠠᠰᠢᠭ ᠲᠤᠰᠠ ᠲᠠᠢ ᠨᠢᠭᠲᠠ ᠬᠤᠯᠪᠣᠭᠳᠠᠬᠤ ᠠᠷᠠᠳ ᠤᠨ ᠠᠮᠢᠳᠤᠷᠠᠯ ᠤᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠠᠯ᠎ᠠ ᠶᠢ ᠵᠣᠬᠢᠴᠠᠭᠤᠯᠵᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠪᠦᠬᠦ ᠲᠠᠯ᠎ᠠ ᠪᠠᠷ ᠬᠠᠷᠢᠭᠤᠯᠲᠠ ᠥᠭᠴᠦ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠬᠦ ᠪᠣᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号