6 ᠰᠠᠷ᠎ᠠ ᠶᠢᠨ 6 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠪᠠᠶ ᠴᠦᠨ ᠯᠸᠢ ᠪᠥᠬᠦ ᠲᠤᠭᠤᠷᠢᠭ ᠤᠨ ᠠᠵᠤ ᠠᠬᠤᠶ ᠶᠢᠨ ᠠᠵᠢᠯᠯᠠᠭᠠᠨ ᠵᠢᠴᠢ ᠠᠶᠤᠯᠭᠦᠶ | ᠦᠢᠯᠡᠳᠪᠦᠷᠢᠯᠡᠯ ᠤᠨ ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ | ᠯᠢᠦ ᠲᠢᠶᠠᠨ ᠴᠢᠩ ᠣᠷᠣᠯᠴᠠᠪᠠ᠃ | ᠪᠠᠢ ᠴᠦᠨ ᠯᠸᠢ ᠨᠠᠷ ᠤᠷᠢᠳ ᠬᠤᠵᠢᠳ ᠦᠬᠠᠢ ᠬᠤᠳᠠ ᠶᠢᠨ ᠬᠤᠩ ᠶᠠᠩ ᠬᠡᠦᠷᠰᠢᠭᠦᠯᠬᠦ ᠬᠢᠵᠠᠭᠠᠷᠲᠤ | ᠬᠠᠷᠢᠭᠤᠴᠠᠯᠭᠠᠲᠤ ᠺᠣᠮᠫᠠᠨᠢ᠂ ᠦᠬᠠᠢ ᠶᠢᠨ ᠶᠠ ᠳ᠋ᠦᠩ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ | ᠺᠣᠮᠫᠠᠨᠢ᠂ ᠦᠬᠠᠢ ᠶᠢᠨ ᠴᠢᠩ ᠱᠢ ᠬᠢᠮᠢ᠂ ᠠᠵᠤ ᠦᠢᠯᠡᠳᠪᠦᠷᠢ ᠶᠢᠨ ᠠᠵᠤ ᠦᠢᠯᠡᠳᠪᠦᠷᠢ ᠶᠢᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ᠂ ᠮᠢᠩ ᠬᠠᠢ ᠼᠢᠷᠺ ᠤᠨ ᠦᠢᠯᠡᠰ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ᠂ | ᠲᠦᠷᠦᠯ ᠵᠦᠢᠯ ᠤᠨ ᠠᠬᠢᠴᠠ᠂ ᠦᠢᠯᠡᠳᠪᠦᠷᠢᠯᠡᠯ ᠡᠵᠡᠩᠨᠡᠯᠲᠡ᠂ ᠬᠥᠭᠵᠢᠯᠲᠡ ᠶᠢᠨ ᠲᠥᠯᠥᠪᠵᠢᠭᠦᠯᠭᠡ ᠵᠢᠴᠢ | ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠵᠦ᠂ ᠤᠷᠢᠳᠴᠢᠯᠠᠨ ᠦᠢᠯᠡᠴᠢᠯᠡᠵᠦ᠂ ᠠᠵᠤ | ᠠᠬᠤᠶᠢᠯᠠᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠣᠳᠠᠲᠠᠢ ᠪᠠᠶᠢᠳᠠᠯ ᠢ ᠣᠶᠢᠯᠠᠭᠠᠵᠤ᠂ ᠠᠵᠤ ᠠᠬᠤᠶᠢᠯᠠᠯ ᠤᠨ | ᠵᠠᠬᠢᠶᠠᠯᠠᠭ᠎ᠠ ᠶᠢ ᠲᠣᠭᠲᠠᠪᠤᠷᠢᠵᠢᠭᠤᠯᠤᠨ ᠵᠠᠬ᠎ᠠ ᠳᠡᠯᠭᠡᠭᠦᠷ ᠢ ᠥᠷᠭᠡᠳᠬᠡᠬᠦ᠂ ᠰᠢᠨ᠎ᠡ ᠶᠢ ᠡᠭᠦᠳᠬᠦ ᠶᠢ ᠠᠳᠬᠤᠨ | ᠬᠥᠭᠵᠢᠯᠲᠡ ᠶᠢ ᠠᠬᠢᠭᠤᠯᠬᠤ ᠶᠢ ᠳᠡᠮᠵᠢᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ | ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠳᠤ | ᠨᠡᠩ ᠥᠨᠳᠥᠷ ᠪᠦᠲᠦᠮᠵᠢᠲᠡᠢ᠂ ᠳᠥᠭᠦᠮ ᠳᠥᠲᠡ᠂ ᠲᠠᠭᠠᠯᠠᠮᠵᠢᠲᠠᠢ ᠦᠢᠯᠡᠳᠪᠦᠷᠢᠯᠡᠯ ᠡᠵᠡᠩᠨᠡᠯᠲᠡ ᠶᠢᠨ ᠣᠷᠴᠢᠨ | ᠲᠣᠭᠤᠷᠢᠨ ᠢ ᠴᠢᠷᠮᠠᠶᠢᠨ ᠡᠭᠦᠳᠴᠦ᠂ ᠠᠵᠤ ᠠᠬᠤᠶᠢᠯᠠᠯ ᠤᠨ ᠨᠢᠭᠡ ᠰᠡᠳᠬᠢᠯ ᠢᠶᠠᠷ ᠦᠢᠯᠡᠰ ᠪᠤᠰᠬᠠᠵᠤ᠂ ᠰᠠᠨᠠᠭ᠎ᠠ | ᠠᠮᠤᠷ ᠬᠥᠭᠵᠢᠭᠦᠯᠬᠦ ᠬᠡᠷᠡᠭᠲᠡᠢ ᠭᠡᠵᠦ ᠬᠡᠯᠡᠪᠡ᠃ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ | ᠵᠣᠷᠢᠭ ᠢᠶᠠᠨ ᠪᠠᠲᠤᠳᠬᠠᠵᠤ᠂ ᠠᠵᠢᠯ ᠲᠦᠷᠦᠯ ᠤᠨ ᠪᠠᠶᠢᠳᠠᠯ ᠪᠣᠯᠤᠨ ᠵᠠᠬ᠎ᠠ ᠳᠡᠯᠭᠡᠭᠦᠷ ᠤᠨ ᠬᠡᠷᠡᠭᠴᠡᠭᠡ ᠶᠢ ᠴᠢᠩᠭ᠎ᠠ | ᠠᠩᠬᠠᠷᠴᠤ᠂ ᠭᠤᠣᠯ ᠠᠵᠢᠯ ᠢᠶᠠᠨ ᠢᠳᠡᠪᠬᠢᠲᠡᠢ ᠨᠠᠷᠢᠯᠢᠭ ᠬᠢᠵᠦ᠂ ᠦᠢᠯᠡᠳᠬᠦᠨ ᠢᠶᠠᠨ ᠰᠢᠯᠢᠳᠡᠭᠵᠢᠭᠦᠯᠵᠦ᠂ ᠲᠦᠷᠦᠯ | ᠲᠡᠮᠳᠡᠭ ᠢᠶᠠᠨ ᠬᠦᠴᠦᠷᠬᠡᠭᠵᠢᠭᠦᠯᠵᠦ᠂ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ᠂ ᠨᠥᠯᠥᠭᠡᠯᠡᠬᠦ ᠬᠦᠴᠦᠨ ᠢᠶᠠᠨ | ᠦᠨᠡᠨᠬᠦ ᠳᠡᠭᠡᠭᠰᠢᠯᠡᠭᠦᠯᠵᠦ᠂ ᠬᠠᠶᠢᠨᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠠᠵᠤ | ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ | ᠪᠣᠳᠠᠲᠠᠶᠢᠵᠢᠭᠤᠯᠵᠤ᠂ ᠲᠤᠨᠤᠭ ᠲᠥᠬᠦᠭᠡᠷᠦᠮᠵᠢ ᠶᠢ ᠥᠭᠡᠷᠡᠴᠢᠯᠡᠨ ᠲᠡᠰ ᠳᠡᠪᠰᠢᠭᠦᠯᠬᠦ ᠶᠢ ᠰᠠᠶᠢᠲᠤᠷ ᠠᠳᠬᠤᠵᠤ᠂ | ᠠᠵᠢᠯᠯᠠᠵᠤ ᠪᠠᠶᠢᠭ᠎ᠠ ᠬᠥᠮᠦᠰ ᠤᠨ ᠠᠮᠤᠷ ᠲᠦᠪᠰᠢᠨ ᠤ ᠪᠣᠯᠪᠠᠰᠤᠷᠠᠯ ᠢ ᠴᠢᠩᠭᠠᠳᠬᠠᠵᠤ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ | ᠬᠤᠷᠢᠭ᠎ᠠ ᠱᠤᠭᠤᠮ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ | ᠰᠠᠬᠢᠬᠤ ᠬᠡᠷᠡᠭᠲᠡᠢ᠃ |