ᠪᠠᠢ ᠴᠦᠨ ᠯᠧᠢ᠄ ᠠᠵᠤ ᠠᠬᠤᠢ ᠶᠢᠨ ᠡᠷᠭᠢᠯᠲᠡ ᠪᠣᠯᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ | ᠲᠤᠬᠠᠢ ᠪᠠᠢᠴᠠᠭᠠᠨ ᠰᠤᠳᠤᠯᠤᠯᠲᠠ ᠬᠢᠪᠡ᠃ | ᠱᠢ ᠯᠢ ᠴᠢᠶᠠᠩ᠄ ᠯᠢᠦ ᠱᠦᠵᠢ ᠳᠤ ᠪᠠᠷ᠎ᠠ ᠪᠣᠯᠵᠤ ᠣᠳᠠ ᠲᠣᠭᠤᠷᠢᠭ ᠲᠤ ᠬᠦᠷᠴᠦ ᠭᠠᠶᠢᠯᠢ ᠶᠢ | ᠶᠡᠷᠦᠩᠬᠡᠶᠢᠯᠡᠨ ᠵᠠᠰᠠᠬᠤ ᠠᠵᠢᠯ ᠢ ᠰᠢᠨᠵᠢᠯᠡᠨ ᠪᠠᠶᠢᠴᠠᠭᠠᠪᠠ᠃ | ᠰᠢᠤ ᠹᠠᠩ᠄ ᠫᠠᠨ ᠯᠦᠩ ᠤᠨ ᠳᠠᠬᠢᠯᠲᠠ ᠡᠬᠢ ᠪᠠᠶᠠᠯᠢᠭ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ | ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠣᠷᠣᠰᠢᠭᠤᠯᠭ᠎ᠠ ᠶᠢᠨ ᠲᠥᠷᠥᠯ ᠵᠦᠢᠯ ᠢ ᠵᠣᠯᠭᠠᠭᠤᠯᠵᠤ᠂ ᠬᠠᠶᠢᠨᠠᠨ ᠲᠣᠭᠤᠷᠢᠭ ᠤᠨ | ᠲᠤᠰᠬᠠᠶ ᠰᠤᠷᠭᠠᠨ ᠬᠥᠮᠦᠵᠢᠯ ᠤᠨ ᠵᠢᠯᠣᠭᠤᠳᠬᠤ ᠲᠤᠰᠬᠠᠶ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠪᠠ᠃ | ᠯᠢᠦ ᠵᠢᠶᠠᠨ ᠫᠢᠩ᠄ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠤᠯᠠᠨ ᠲᠦᠮᠡᠨ ᠤ ᠢᠯᠵᠠᠷᠠᠯ ᠤᠨ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠯᠢᠦ ᠲᠢᠶᠠᠨ ᠴᠢᠩ᠄ ᠪᠠᠢ ᠴᠦᠨ ᠯᠧᠢ ᠲᠣᠭᠤᠷᠢᠭ ᠤᠨ ᠳᠠᠷᠤᠭ᠎ᠠ ᠳᠤ ᠪᠠᠷ᠎ᠠ ᠪᠣᠯᠵᠤ ᠠᠵᠤ ᠠᠬᠤᠢ ᠶᠢᠨ | ᠠᠵᠢᠯᠯᠠᠭᠠᠨ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠵᠤ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ | ᠵᠠᠰᠠᠬᠤ ᠬᠠᠤᠯᠢ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠠᠭᠤ ᠪᠡᠶᠡᠲᠦ ᠬᠠᠶᠠᠭᠳᠠᠮᠠᠯ | ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠲᠦᠷᠢᠮ︾ ᠤᠨ ᠬᠠᠷᠢᠭᠤ | ᠮᠡᠳᠡᠭᠦᠯᠦᠯᠲᠡ ᠶᠢᠨ ᠶᠠᠷᠢᠯᠴᠠᠬᠤ ᠬᠤᠷᠠᠯ ᠳᠤ ᠣᠷᠣᠯᠴᠠᠪᠠ᠃ | ᠸᠠᠩ ᠶᠦᠩ ᠱᠧᠩ᠄ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠭᠤᠣᠯᠳᠠᠯᠭ᠎ᠠ ᠲᠠᠢ ᠠᠵᠢᠯ ᠤᠨ | ᠪᠠᠶᠢᠳᠠᠯ ᠤᠨ ᠲᠤᠬᠠᠢ ᠰᠤᠳᠤᠯᠪᠠ᠃ | ᠵᠠᠩ ᠨᠢᠩ᠄ ᠵᠠᠰᠠᠭ ᠤᠨ ᠣᠷᠳᠣᠨ ᠤ ᠰᠦᠯᠵᠢᠶᠡᠨ ᠤ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠤ | ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠣᠭᠤᠯᠪᠠ᠃ | ᠶᠠᠩ ᠽᠧ ᠢᠦᠢ᠄ ᠯᠢ ᠳ᠋ᠦᠩ ᠬᠤᠳᠠ ᠶᠢᠨ ᠳᠠᠷᠤᠭ᠎ᠠ ᠳᠤ ᠪᠠᠷ᠎ᠠ ᠪᠤᠯᠵᠤ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ | ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠭᠰᠡᠨ ᠪᠠᠶᠢᠳᠠᠯ ᠢ ᠪᠠᠶᠢᠴᠠᠭᠠᠨ ᠰᠤᠳᠤᠯᠵᠤ᠂ ᠦᠳᠡ ᠶᠢᠨ ᠬᠤᠶᠢᠨ᠎ᠠ | ᠠᠵᠢᠯ ᠤᠨ ᠪᠠᠶᠢᠷᠢ ᠳᠠᠭᠠᠨ ᠪᠠᠶᠢᠨ᠎ᠠ᠃ |